40 ᠵᠢᠯ ᠤᠨ ᠲᠤᠷᠰᠢ᠂ ᠪᠢᠳᠡ ᠢᠮᠠᠭᠲᠠ ᠨᠡᠶᠢᠭᠡᠮ ᠵᠢᠷᠤᠮ ᠤᠨ ᠲᠡᠷᠢᠭᠦᠨ ᠤ ᠪᠣᠯᠪᠠᠰᠤᠨ ᠰᠣᠶᠣᠯ ᠢ ᠬᠥᠭᠵᠢᠭᠦᠯᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠥᠮᠥᠵᠢᠭᠦᠯᠦᠨ | ᠦᠢᠯᠡᠳᠦᠯᠭᠡᠵᠢᠭᠦᠯᠵᠦ᠂ ᠲᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠤᠨᠤᠯ ᠢᠶᠠᠷ ᠵᠠᠮ ᠢᠶᠠᠨ | ᠤᠳᠤᠷᠢᠳᠤᠭᠤᠯᠵᠤ ᠴᠢᠭᠯᠡᠯ ᠢᠶᠠᠨ ᠵᠢᠭᠠᠯᠭᠠᠨ᠂ ᠵᠥᠪ ᠶᠠᠷᠢᠶ᠎ᠠ ᠬᠡᠯᠡᠯᠴᠡᠭᠡ ᠪᠠᠷ ᠰᠡᠳᠬᠢᠯ ᠢ ᠨᠢᠭᠲᠠᠷᠠᠭᠤᠯᠵᠤ ᠬᠦᠴᠦᠨ ᠢᠶᠠᠨ ᠲᠥᠪᠯᠡᠷᠡᠭᠦᠯᠵᠦ᠂ ᠲᠡᠷᠢᠭᠦᠨ ᠤ | ᠰᠣᠶᠣᠯ ᠢᠶᠠᠷ ᠰᠦᠭ ᠰᠦᠨᠡᠰᠦ ᠪᠠᠨ ᠱᠤᠭᠤᠵᠤ᠂ ᠰᠢᠯᠢᠳᠡᠭ ᠪᠦᠲᠦᠭᠡᠯ ᠢᠶᠠᠷ ᠡᠷᠴᠢ ᠵᠣᠷᠢᠭ ᠢᠶᠠᠨ ᠬᠥᠪᠴᠢᠯᠡᠵᠦ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ | ᠨᠡᠶᠢᠭᠡᠮ ᠵᠢᠷᠤᠮ ᠤᠨ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠤᠨ᠂ ᠴᠠᠭ ᠦᠶ᠎ᠡ ᠶᠢᠨ ᠵᠢᠱᠢᠶᠡᠴᠢ᠂ ᠪᠠᠭᠠᠲᠤᠷ ᠵᠢᠱᠢᠶᠡᠴᠢ ᠲᠠᠰᠤᠷᠠᠯᠳᠠ ᠦᠭᠡᠢ ᠴᠣᠯᠭᠤᠷᠠᠵᠤ᠂ | ᠰᠣᠶᠣᠯ ᠤᠷᠠᠯᠢᠭ ᠡᠳᠦᠷ ᠠᠴᠠ ᠡᠳᠦᠷ ᠴᠡᠴᠡᠭᠯᠡᠨ ᠬᠥᠭᠵᠢᠵᠦ᠂ ᠢᠨᠲ᠋ᠧᠷ ᠰᠦᠯᠵᠢᠶ᠎ᠡ ᠮᠡᠳᠡᠭᠡ ᠵᠠᠩᠭᠢ ᠶᠢᠨ ᠦᠢᠯᠡᠰ ᠲᠦᠷᠭᠡᠨ ᠬᠥᠭᠵᠢᠵᠦ᠂ ᠪᠦᠭᠦ | ᠦᠨᠳᠦᠰᠦᠲᠡᠨ ᠤ ᠬᠦᠰᠡᠯᠡᠩ ᠢᠲᠡᠭᠡᠯ ᠪᠢᠰᠢᠷᠡᠯ ᠪᠣᠯᠣᠨ ᠰᠣᠶᠣᠯ ᠤᠨ ᠢᠲᠡᠭᠡᠯ ᠲᠠᠰᠤᠷᠠᠯᠳᠠ ᠦᠭᠡᠢ ᠴᠢᠩᠭᠠᠷᠠᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ | ᠬᠦᠴᠦᠨ ᠪᠣᠯᠣᠨ ᠲᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠶᠡᠭᠡ ᠪᠠᠷ ᠳᠡᠭᠡᠭᠰᠢᠯᠡᠵᠡᠢ᠃ | — ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ | ᠶᠠᠷᠢᠶ᠎ᠠ ᠠᠴᠠ ᠬᠡᠰᠡᠭᠯᠡᠪᠡ ︵2018 ᠣᠨ ᠤ 12 ᠰᠠᠷ᠎ᠠ ᠶᠢᠨ 18︶ |