︽ᠤᠮᠠᠷᠠᠲᠤ ᠬᠢᠯᠢ ᠪᠠᠨ ᠶᠡᠭᠡ ᠪᠠᠷ ᠬᠠᠶᠢᠷᠠᠯᠠᠵᠤ᠂ ᠡᠷᠡᠭᠦᠯ ᠡᠩᠬᠡ ᠶᠢ ᠳᠡᠮᠵᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠠᠯᠠᠶᠢᠨᠠᠭᠤᠷ ᠲᠣᠭᠤᠷᠢᠭ ᠲᠤ ᠣᠷᠣᠪᠠ
ᠨᠡᠶᠢᠲᠡᠯᠡᠭᠰᠡᠨ ᠴᠠᠭ᠄
2024/11/14
       ᠥᠷᠭᠡᠨ ᠣᠯᠠᠨ ᠰᠠᠭᠤᠭᠠᠯᠢ ᠠᠷᠠᠳ ᠤᠨ ᠨᠢᠳᠦᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠢᠳᠦᠨ ᠤ ᠡᠪᠡᠳᠴᠢᠨ ᠠᠴᠠ ᠪᠣᠯᠵᠤ ᠰᠣᠬᠤᠷᠠᠬᠤ ᠦᠵᠡᠭᠳᠡᠯ ᠡᠭᠦᠰᠬᠦ ᠶᠢ ᠪᠠᠭᠠᠰᠬᠠᠨ᠂ ᠬᠠᠷᠢᠴᠠᠩᠭᠤᠢ ᠬᠦᠴᠢᠷᠳᠡᠯᠲᠡᠢ ᠭᠡᠷ ᠪᠦᠯᠢ ᠶᠢᠨ ᠴᠠᠭᠠᠨ ᠬᠠᠷᠠᠩ ᠡᠪᠡᠳᠴᠢᠲᠡᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠯᠡᠬᠦ ᠶᠢᠨ ᠲᠥᠯᠥᠭᠡ᠂ ᠴᠠᠭᠠᠨ ᠬᠠᠷᠠᠩ ᠡᠪᠡᠳᠴᠢᠨ ᠤ ᠮᠡᠰᠡ ᠵᠠᠰᠠᠯ ᠤᠨ ᠨᠥᠬᠦᠴᠡᠯ ᠳᠤ ᠨᠡᠶᠢᠴᠡᠬᠦ ᠨᠠᠩ ᠣᠯᠠᠨ ᠨᠢᠳᠦᠨ ᠤ ᠡᠪᠡᠳᠴᠢᠨ ᠲᠠᠢ ᠡᠪᠡᠳᠴᠢᠲᠡᠨ ᠳᠤ ᠴᠠᠭ ᠲᠤᠬᠠᠢ ᠳᠤᠨᠢ ᠪᠦᠲᠦᠮᠵᠢᠲᠡᠶ ᠡᠮᠴᠢᠯᠡᠭᠡᠨ ᠤ ᠠᠪᠤᠷᠠᠨ ᠲᠤᠰᠠᠯᠠᠯᠲᠠ ᠬᠦᠷᠲᠡᠭᠡᠨ᠎ᠡ᠃ 2024 ᠣᠨ ᠤ 11 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ ᠵᠠᠯᠠᠶᠢᠨᠠᠭᠤᠷ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠵᠦᠪᠯᠡᠯ ᠬᠥᠯᠥᠨ ᠪᠤᠶᠢᠷ ᠤᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽  ᠤᠮᠠᠷᠠᠲᠤ ᠬᠢᠯᠢ ᠪᠠᠨ ᠶᠡᠭᠡ ᠪᠠᠷ ᠬᠠᠶᠢᠷᠠᠯᠠᠵᠤ᠂ ᠡᠷᠡᠭᠦᠯ ᠡᠩᠬᠡ ᠶᠢ ᠳᠡᠮᠵᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠦᠢᠳᠬᠡᠯ ᠬᠤᠷᠢᠶᠠᠬᠤ ᠦᠭᠡᠢ ᠪᠠᠷ ᠴᠠᠭᠠᠨ ᠬᠠᠷᠠᠩ ᠤᠨ ᠬᠠᠷᠠᠭ᠎ᠠ ᠶᠢ ᠰᠡᠷᠭᠦᠭᠡᠬᠦ ᠮᠡᠰᠡ ᠵᠠᠰᠠᠯ ᠬᠢᠪᠡ᠃
2024-11-14-1.jpg
       ᠠᠵᠢᠯᠯᠠᠭ᠎ᠠ ᠶᠢᠨ ᠳᠤᠮᠳᠠ᠂ ᠬᠥᠯᠥᠨ ᠪᠤᠶᠢᠷ ᠬᠤᠲᠠ ᠶᠢᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠲᠤᠰᠬᠠᠢ ᠮᠡᠷᠭᠡᠵᠢᠯᠲᠡᠳ ᠪᠠᠶᠢᠴᠠᠭᠠᠯᠭᠠᠬᠤ ᠪᠠᠷ ᠢᠷᠡᠭᠰᠡᠨ ᠰᠠᠭᠤᠭᠠᠯᠢ ᠠᠷᠠᠳ ᠲᠤ ᠨᠢᠳᠦᠨ ᠤ ᠪᠠᠶᠢᠴᠠᠭᠠᠯᠲᠠ ᠬᠢᠭᠰᠡᠨ ᠪᠥᠭᠡᠳ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠴᠠᠭᠠᠨ ᠬᠠᠷᠠᠩ ᠤᠨ ᠬᠠᠷᠠᠭ᠎ᠠ ᠣᠷᠣᠭᠤᠯᠬᠤ ᠮᠡᠰᠡ ᠵᠠᠰᠠᠯ ᠤᠨ ᠲᠤᠰᠠᠯᠠᠬᠤ ᠬᠡᠯᠪᠡᠷᠢ ᠪᠠ ᠠᠯᠬᠤᠮ ᠳᠠᠷᠠᠭ᠎ᠠ ᠶᠢᠨ ᠲᠤᠬᠠᠢ ᠲᠠᠨᠢᠯᠴᠠᠭᠤᠯᠪᠠ᠃       ᠲᠣᠰ ᠤᠳᠠᠭᠠᠨ ᠤ ︽ᠤᠮᠠᠷᠠᠲᠤ ᠬᠢᠯᠢ ᠪᠠᠨ ᠶᠡᠭᠡ ᠪᠠᠷ ᠬᠠᠶᠢᠷᠠᠯᠠᠵᠤ᠂ ᠡᠷᠡᠭᠦᠯ ᠮᠡᠨᠳᠦ ᠶᠢ ᠳᠡᠮᠵᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠨᠡᠶᠢᠲᠡ 192 ᠬᠥᠮᠥᠨ ᠢ ᠰᠢᠭᠰᠢᠨ ᠪᠠᠶᠢᠴᠠᠭᠠᠵᠤ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠤᠨ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃ ᠡᠭᠦᠨ ᠤ ᠬᠠᠮᠲᠤ ᠴᠠᠭᠠᠨ ᠬᠠᠷᠠᠩ ᠤᠨ ᠡᠪᠡᠳᠴᠢᠲᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠲᠡᠳᠡᠨ ᠳᠤ ᠡᠳᠦᠷ ᠲᠤᠲᠤᠮ ᠤᠨ ᠠᠮᠢᠳᠤᠷᠠᠯ ᠳᠤᠮᠳᠠᠬᠢ ᠬᠠᠷᠠᠭᠠᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠨᠠᠩ ᠭᠦᠨᠵᠡᠭᠡᠢ ᠲᠠᠨᠢᠭᠤᠯᠤᠭᠰᠠᠨ ᠪᠠᠶᠢᠨ᠎ᠠ᠃
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ