ᠰᠢᠨ ᠺᠠᠢ ᠵᠡᠭᠡᠯᠢ ᠶᠢᠨ ᠨᠡᠶᠢᠭᠡᠮ ᠲᠣᠭᠤᠷᠢᠭ ᠲᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/11/14
       2024 ᠣᠨ ᠤ 11 ᠰᠠᠷ᠎ᠠ ᠶᠢᠨ 11 ᠤ ᠡᠳᠦᠷ᠂ ᠰᠢᠨ ᠺᠠᠢ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠬᠡᠰᠡᠭ ᠬᠤᠳᠠᠯᠳᠤᠭᠠᠨ ᠤ ᠡᠷᠦᠬᠡ ᠳᠤ ᠭᠠᠯ ᠤᠨᠲᠠᠷᠠᠭᠠᠬᠤ ᠪᠠᠶᠢᠴᠠᠭᠠᠯᠲᠠ ᠥᠷᠨᠢᠭᠦᠯᠦᠭᠰᠡᠨ ᠪᠥᠭᠡᠳ ︽ᠨᠠᠭᠤᠷ ᠤᠨ ᠬᠤᠰᠢᠭᠤᠴᠢ︾ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢᠨ ᠤᠬᠠᠭᠤᠯᠭ᠎ᠠ ᠬᠢᠵᠡᠢ᠃ 
2024-11-14-2.jpg
       ᠠᠵᠢᠯᠲᠠᠳ ᠢᠳᠡᠭᠡᠨ ᠤᠮᠳᠠᠭᠠᠨ ᠤ ᠭᠠᠵᠠᠷ᠂ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ᠂ ᠫᠠᠶᠢᠰᠠ ᠢᠯᠡᠷᠬᠡᠶᠢᠯᠡᠯ ᠤᠨ ᠵᠠᠷ ᠵᠡᠷᠭᠡ ᠬᠤᠳᠠᠯᠳᠤᠭᠠᠨ ᠤ ᠡᠷᠦᠬᠡ ᠶᠢᠨ ᠬᠠᠮᠢᠶ᠎ᠠ ᠪᠦᠬᠦᠢ ᠦᠨᠡᠮᠯᠡᠯ ᠪᠠᠶᠢᠬᠤ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠭᠰᠠᠨ ᠡᠰᠡᠬᠦ ᠵᠢᠴᠢ ᠠᠶᠤᠯ ᠦᠭᠡᠢ ᠨᠡᠪᠲᠡᠷᠡᠬᠦ ᠵᠠᠮ ᠰᠠᠭᠠᠳ ᠦᠭᠡᠢ ᠪᠠᠶᠢᠬᠤ ᠡᠰᠡᠬᠦ ᠵᠡᠷᠭᠡ ᠪᠠᠶᠢᠳᠠᠯ ᠢ ᠪᠠᠶᠢᠴᠠᠭᠠᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠬᠠᠮᠢᠶ᠎ᠠ ᠪᠦᠬᠦᠢ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠡᠭᠦᠨ ᠤ ᠬᠠᠮᠲᠤ ᠬᠠᠷᠢᠶ᠎ᠠ ᠣᠷᠣᠨ ᠤ ᠳᠣᠲᠣᠷᠠᠬᠢ ᠲᠦᠷᠭᠡᠨ ᠬᠦᠷᠭᠡᠬᠦ ᠭᠠᠵᠠᠷ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠰᠠᠷᠠᠪᠴᠢ ᠵᠡᠷᠭᠡ ᠠᠮᠠᠷᠬᠠᠨ ᠭᠠᠯ ᠤᠨ ᠠᠶᠤᠯ ᠭᠠᠷᠳᠠᠭ ᠭᠠᠵᠠᠷ ᠲᠤ ᠵᠢᠭᠰᠠᠭᠠᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠬᠡᠮ ᠣᠷᠣᠰᠢᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠵᠢᠭᠰᠠᠭᠠᠨ ᠪᠠᠶᠢᠴᠠᠭᠠᠬᠤ ᠳᠤᠮᠳᠠ ᠰᠠᠶᠢᠨ ᠳᠤᠷ᠎ᠠ ᠶᠢᠨ ᠠᠵᠢᠯᠯᠠᠭᠴᠢ ᠪᠠᠰᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠢ ᠶᠢᠨ ᠲᠠᠯᠠᠪᠤᠷ ᠲᠤᠨᠢ ᠰᠠᠭᠤᠭᠠᠯᠢ ᠠᠷᠠᠳ ᠲᠤ ᠭᠡᠷ ᠪᠦᠯᠢ ᠶᠢᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠭᠤᠣᠯᠳᠠᠯᠭ᠎ᠠ᠂ ᠠᠩᠬᠠᠨ ᠤ ᠦᠶ᠎ᠡ ᠶᠢᠨ ᠭᠠᠯ ᠤᠨ ᠭᠠᠮᠰᠢᠭ ᠢ ᠤᠨᠲᠠᠷᠠᠭᠠᠬᠤ ᠳᠤ ᠠᠩᠬᠠᠷᠬᠤ ᠵᠦᠢᠯᠡᠰ ᠵᠢᠴᠢ ᠦᠷᠭᠦᠯᠵᠢ ᠲᠣᠬᠢᠶᠠᠯᠳᠤᠳᠠᠭ ᠭᠠᠯ ᠤᠨ ᠭᠠᠮᠰᠢᠭ ᠤᠨ ᠠᠮᠢ ᠵᠢᠭᠤᠲᠠᠬᠤ ᠠᠷᠭ᠎ᠠ ᠮᠠᠶ᠋ᠢᠭ ᠪᠣᠯᠣᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠠᠵᠢᠯᠯᠠᠭᠤᠯᠬᠤ ᠵᠡᠷᠭᠡ ᠲᠠᠯ᠎ᠠ ᠶᠢᠨ ᠮᠡᠳᠡᠯᠭᠡ ᠶᠢ ᠲᠠᠨᠢᠯᠴᠠᠭᠤᠯᠵᠤ᠂ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠶᠢ ᠰᠠᠨᠠᠭᠤᠯᠪᠠ᠃        ᠰᠢᠨ ᠺᠠᠢ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠭᠠᠯ ᠤᠨᠲᠠᠷᠠᠭᠠᠬᠤ ᠪᠠᠶᠢᠴᠠᠭᠠᠯᠲᠠ ᠶᠢᠨ ᠠᠵᠢᠯ ᠪᠣᠯᠣᠨ ᠭᠠᠯ ᠤᠨᠲᠠᠷᠠᠭᠠᠬᠤ ᠮᠡᠳᠡᠯᠭᠡ ᠶᠢᠨ ᠬᠥᠮᠦᠵᠢᠯ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ 
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ