2024 ᠣᠨ ᠤ 11 ᠰᠠᠷ᠎ᠠ ᠶᠢᠨ 11 ᠤ ᠡᠳᠦᠷ᠂ ᠳᠥᠷᠪᠡᠳᠦᠭᠡᠷ ᠵᠡᠭᠡᠯᠢ ᠭᠤᠳᠤᠮᠵᠢ ᠶᠢᠨ ᠰᠢᠨ᠎ᠡ ᠲᠣᠰᠬᠤᠨ ᠤ ᠨᠡᠶᠢᠭᠡᠮ ᠲᠣᠭᠤᠷᠢᠭ ᠤᠨ ᠬᠢᠨ ᠡᠯᠭᠦᠭᠡ | ᠪᠢᠴᠢᠭᠡᠰᠦ ᠨᠠᠭᠠᠬᠤ᠂ ᠠᠯᠪᠠᠨ ᠵᠠᠷ ᠨᠡᠶᠢᠲᠡᠯᠡᠬᠦ᠂ ᠲᠤᠬᠠᠢ ᠶᠢᠨ ᠭᠠᠵᠠᠷ ᠲᠤᠨᠢ ᠬᠦᠷᠴᠦ ︽ᠰᠠᠭᠤᠭᠠᠯᠢ ᠡᠷᠦᠬᠡ ᠳᠤ ᠬᠥᠮᠥᠨ ᠠᠮᠠ ᠶᠢᠨ ᠥᠯᠢᠭᠡᠷ ᠠᠪᠴᠤ | ᠪᠠᠶᠢᠴᠠᠭᠠᠯᠲᠠ ᠬᠢᠬᠦ ᠳᠤ ᠥᠭᠭᠦᠭᠰᠡᠨ ᠨᠢᠭᠡ ᠬᠤᠪᠢ ᠵᠠᠬᠢᠳᠠᠯ︾ ᠢ ᠲᠠᠷᠬᠠᠭᠠᠬᠤ ᠶᠢᠨ ᠬᠠᠮᠲᠤ ᠬᠥᠮᠥᠨ ᠠᠮᠠ ᠶᠢᠨ ᠥᠯᠢᠭᠡᠷ ᠠᠪᠴᠤ ᠪᠠᠶᠢᠴᠠᠭᠠᠯᠲᠠ ᠬᠢᠬᠦ | ᠤᠬᠠᠭᠤᠯᠭ᠎ᠠ ᠶᠢᠨ ᠠᠵᠢᠯ ᠥᠷᠨᠢᠭᠦᠯᠪᠡ᠃ | | | | ᠬᠥᠮᠥᠨ ᠠᠮᠠ ᠶᠢᠨ ᠦᠯᠢᠭᠡᠷ ᠠᠪᠴᠤ ᠪᠠᠶᠢᠴᠠᠭᠠᠬᠤ ᠠᠵᠢᠯ ᠥᠷᠨᠢᠭᠦᠯᠬᠦ ᠨᠢ ᠬᠥᠮᠥᠨ ᠠᠮᠠ ᠶᠢᠨ ᠬᠥᠳᠡᠯᠦᠩᠭᠦᠢ ᠬᠤᠪᠢᠷᠠᠯᠲᠠ ᠶᠢᠨ ᠪᠠᠶᠢᠳᠠᠯ ᠢ | ᠣᠨᠣᠪᠴᠢᠲᠠᠶ ᠡᠵᠡᠮᠰᠢᠵᠦ᠂ ᠬᠥᠮᠥᠨ ᠠᠮᠠ ᠶᠢᠨ ᠲᠤᠬᠠᠢ ᠲᠦᠷᠦ ᠶᠢᠨ ᠪᠣᠳᠣᠯᠭ᠎ᠠ ᠶᠢ ᠲᠣᠭᠲᠠᠭᠠᠬᠤ ᠳᠤ ᠨᠠᠶᠢᠳᠠᠪᠤᠷᠢᠲᠠᠢ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠬᠠᠩᠭᠠᠵᠤ ᠴᠢᠳᠠᠬᠤ ᠪᠣᠯᠬᠤᠷ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠣᠰ ᠤᠳᠠᠭᠠᠨ ᠤ ᠬᠥᠮᠥᠨ ᠠᠮᠠ ᠶᠢᠨ ᠬᠤᠪᠢᠷᠠᠯᠲᠠ ᠶᠢᠨ ᠥᠯᠢᠭᠡᠷ ᠠᠪᠴᠤ | ᠪᠠᠶᠢᠴᠠᠭᠠᠬᠤ ᠠᠵᠢᠯ ᠨᠢ ᠳᠥᠷᠪᠡᠳᠦᠭᠡᠷ ᠵᠡᠭᠡᠯᠢ ᠭᠤᠳᠤᠮᠵᠢ ᠶᠢᠨ ᠰᠢᠨ᠎ᠡ ᠲᠣᠰᠬᠤᠨ ᠤ ᠨᠡᠶᠢᠭᠡᠮ ᠲᠣᠭᠤᠷᠢᠭ ᠤᠨ 13 ᠨᠡᠶᠢᠳᠡᠮ ᠪᠠᠶᠢᠴᠠᠭᠠᠯᠲᠠ ᠶᠢᠨ ᠵᠢᠵᠢᠭ | ᠲᠣᠭᠤᠷᠢᠭ ᠲᠤ ᠬᠤᠯᠪᠣᠭᠳᠠᠵᠤ᠂ ᠥᠯᠢᠭᠡᠷ ᠠᠪᠴᠤ ᠪᠠᠶᠢᠴᠠᠭᠠᠬᠤ ᠦᠶ᠎ᠡ ᠳᠤ᠂ ᠪᠠᠶᠢᠴᠠᠭᠠᠭᠴᠢ ᠠᠴᠠ ᠬᠥᠮᠥᠨ ᠠᠮᠠ ᠶᠢᠨ ᠥᠯᠢᠭᠡᠷ ᠠᠪᠴᠤ ᠪᠠᠶᠢᠴᠠᠭᠠᠬᠤ | ᠪᠣᠯᠪᠠᠰᠤᠷᠠᠭᠤᠯᠤᠯ ᠳᠤ ᠢᠳᠡᠪᠬᠢᠲᠡᠢ ᠣᠷᠣᠯᠴᠠᠵᠤ᠂ ᠬᠥᠮᠥᠨ ᠠᠮᠠ ᠶᠢᠨ ᠥᠯᠢᠭᠡᠷ ᠠᠪᠴᠤ ᠪᠠᠶᠢᠴᠠᠭᠠᠬᠤ ᠪᠦᠬᠦᠯᠢ ᠴᠣᠭᠴᠠ ᠶᠢᠨ ᠠᠵᠢᠯ ᠤᠨ ᠶᠠᠪᠤᠴᠠ᠂ ᠪᠣᠳᠠᠲᠠᠢ | ᠠᠵᠢᠯᠯᠠᠬᠤ ᠨᠠᠷᠢᠨ ᠵᠦᠢᠯᠡᠰ ᠵᠢᠴᠢ ᠡᠯ᠎ᠡ ᠵᠦᠢᠯ ᠤᠨ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠢᠨᠠᠮᠠᠭᠠᠢ ᠰᠤᠷᠤᠯᠴᠠᠨ᠎ᠠ᠃ | ᠳᠡᠩᠰᠡᠯᠡᠨ ᠪᠠᠶᠢᠴᠠᠭᠠᠬᠤ ᠱᠠᠲᠤᠨ ᠳᠤ᠂ ᠪᠠᠶᠢᠴᠠᠭᠠᠭᠴᠢ ᠨᠢ ᠡᠷᠦᠬᠡ ᠳᠤ ᠣᠷᠣᠵᠤ ᠰᠠᠭᠤᠭᠠᠯᠢ ᠠᠷᠠᠳ ᠲᠠᠢ ᠨᠢᠭᠤᠷᠲᠠᠨ ᠶᠠᠷᠢᠯᠴᠠᠵᠤ᠂ ᠰᠠᠭᠤᠭᠠᠯᠢ | ᠠᠷᠠᠳ ᠲᠤ ᠬᠥᠮᠥᠨ ᠠᠮᠠ ᠶᠢᠨ ᠥᠯᠢᠭᠡᠷ ᠠᠪᠴᠤ ᠪᠠᠶᠢᠴᠠᠭᠠᠬᠤ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ | ᠴᠠᠭ ᠲᠤᠬᠠᠢ ᠳᠤᠨᠢ ᠬᠠᠷᠢᠭᠤᠯᠬᠤ ᠶᠢᠨ ᠬᠠᠮᠲᠤ᠂ ᠪᠠᠶᠢᠴᠠᠭᠠᠭᠴᠢ ᠶᠢᠨ ᠳᠤᠷᠠᠳᠤᠭᠰᠠᠨ ᠠᠰᠠᠭᠤᠯᠲᠠ ᠶᠢ ᠦᠨᠡᠨ ᠮᠥᠨ ᠢᠶᠠᠷ ᠨᠢ ᠬᠠᠷᠢᠭᠤᠯᠵᠤ᠂ ᠰᠠᠭᠤᠭᠠᠯᠢ | ᠠᠷᠠᠳ ᠤᠨ ᠳᠡᠮᠵᠢᠯᠭᠡ ᠪᠠ ᠬᠠᠮᠵᠢᠯᠴᠠᠭ᠎ᠠ ᠳᠣᠣᠷ᠎ᠠ ᠬᠥᠮᠥᠨ ᠠᠮᠠ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠰᠠᠭᠤᠭᠠᠯᠢ | ᠠᠷᠠᠳ ᠲᠤ ᠮᠡᠳᠡᠭᠳᠡᠨ᠎ᠡ᠃ |