ᠵᠠᠯᠠᠶᠢᠨᠠᠭᠤᠷ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/11/14
       2024 ᠣᠨ ᠤ 11 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠵᠠᠯᠠᠶᠢᠨᠠᠭᠤᠷ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠯᠠᠶᠢᠨᠠᠭᠤᠷ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠳᠥᠷᠪᠡᠳᠦᠭᠡᠷ ᠲᠣᠮᠢᠯᠠᠭᠰᠠᠨ ᠰᠠᠯᠪᠤᠷᠢ ᠶᠢᠨ ᠠᠵᠢᠯᠲᠠᠨ ᠢ ᠲᠤᠰᠬᠠᠶᠢᠯᠠᠨ ᠤᠷᠢᠵᠤ ᠡᠮᠨᠡᠯᠭᠡ ᠶᠢᠨ ᠬᠤᠷᠢᠶ᠎ᠠ ᠳᠤ ᠣᠴᠢᠭᠤᠯᠤᠨ ᠲᠤᠰᠬᠠᠢ ᠰᠡᠳᠦᠪᠲᠦ ᠬᠢᠴᠢᠶᠡᠯᠯᠡᠭᠡ ᠶᠢᠨ ᠪᠣᠯᠪᠠᠰᠤᠷᠠᠯ ᠬᠢᠯᠭᠡᠵᠡᠢ᠃
2024-11-14-5.png
       ᠪᠣᠯᠪᠠᠰᠤᠷᠠᠭᠤᠯᠤᠯ ᠤᠨ ᠳᠤᠮᠳᠠ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠯᠠᠶᠢᠨᠠᠭᠤᠷ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠠᠵᠢᠯᠲᠠᠳ ᠡᠮᠨᠡᠯᠭᠡ ᠶᠢᠨ ᠠᠵᠢᠯᠲᠠᠳ ᠲᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠮᠡᠳᠡᠯᠭᠡ ᠶᠢᠨ ᠲᠠᠶᠢᠯᠤᠮᠵᠢ ᠬᠢᠵᠦ᠂ ᠡᠮᠴᠢ ᠰᠤᠪᠢᠯᠠᠭᠴᠢᠳ ᠲᠤ ᠬᠡᠷᠪᠡ ᠭᠠᠯ ᠤᠨ ᠠᠶᠤᠯ᠂ ᠪᠠᠶᠢᠭᠠᠯᠢ ᠶᠢᠨ ᠭᠠᠮᠰᠢᠭ᠂ ᠬᠠᠯᠳᠠᠪᠤᠷᠢᠲᠤ ᠡᠪᠡᠳᠴᠢᠨ᠂ ᠬᠦᠴᠦᠷᠬᠡᠭᠯᠡᠯ ᠤᠨ ᠬᠡᠷᠡᠭ ᠲᠣᠬᠢᠶᠠᠯᠳᠤᠪᠠᠯ᠂ ᠬᠡᠷᠬᠢᠨ ᠠᠮᠤᠷ ᠲᠦᠪᠰᠢᠨ ᠢᠶᠠᠷ ᠲᠠᠷᠬᠠᠭᠠᠬᠤ᠂ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠰᠢᠢᠳᠪᠦᠷᠢᠯᠡᠬᠦ᠂ ᠲᠦᠷᠭᠡᠨ ᠠᠪᠤᠷᠠᠯᠳᠠ ᠭᠤᠶᠤᠴᠢᠯᠠᠬᠤ ᠵᠡᠷᠭᠡ ᠠᠷᠭᠠᠴᠠᠬᠤ ᠠᠷᠭ᠎ᠠ ᠶᠢᠨ ᠲᠤᠬᠠᠢ ᠨᠠᠷᠢᠨ ᠲᠠᠶᠢᠯᠪᠤᠷᠢᠯᠠᠯᠲᠠ ᠪᠠ ᠦᠵᠡᠭᠦᠯᠦᠯᠭᠡ ᠬᠢᠭᠰᠡᠨ ᠪᠠᠶᠢᠨ᠎ᠠ᠃
2024-11-14-5(2).png
       ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠢᠩᠬᠢᠨᠢ ᠪᠠᠷ ᠡᠬᠢᠯᠡᠵᠦ᠂ ᠳᠥᠷᠪᠡᠳᠦᠭᠡᠷ ᠲᠣᠮᠢᠯᠠᠭᠰᠠᠨ ᠰᠠᠯᠪᠤᠷᠢ ᠶᠢᠨ ᠠᠵᠢᠯᠲᠠᠨ ᠡᠮᠨᠡᠯᠭᠡ ᠶᠢᠨ ᠠᠵᠢᠯᠲᠠᠨ ᠤ ᠬᠦᠴᠦᠷᠬᠡᠭᠯᠡᠯ ᠤᠨ ᠳᠠᠭᠠᠷᠢᠯᠲᠠ  ᠶᠢ ᠠᠷᠭᠠᠴᠠᠬᠤ ᠴᠢᠳᠠᠪᠤᠷᠢ  ᠶᠢ ᠬᠡᠷᠬᠢᠨ ᠳᠡᠭᠡᠭᠰᠢᠯᠡᠭᠦᠯᠬᠦ ᠲᠠᠯ᠎ᠠ  ᠪᠠᠷ ᠬᠠᠷᠢᠯᠴᠠᠨ ᠪᠣᠯᠪᠠᠰᠤᠷᠠᠯ ᠬᠢᠵᠦ᠂ ᠡᠮᠨᠡᠯᠭᠡ ᠶᠢᠨ ᠬᠤᠷᠢᠶᠠᠨ ᠤ ᠠᠮᠤᠷ ᠢ ᠬᠠᠮᠠᠭᠠᠯᠠᠭᠴᠢᠳ ᠪᠠᠮᠪᠠᠢ᠂ ᠴᠠᠭᠳᠠᠭᠠᠨ ᠤ ᠪᠣᠷᠣᠣᠬᠠᠢ ᠵᠡᠷᠭᠡ ᠪᠠᠭᠠᠵᠢ ᠬᠡᠷᠡᠭᠰᠡᠯ ᠢ ᠬᠡᠷᠬᠢᠨ ᠵᠥᠪ ᠬᠡᠷᠡᠭᠯᠡᠬᠦ ᠪᠠ ᠡᠮᠴᠢ ᠰᠤᠪᠢᠯᠠᠭᠴᠢᠳ ᠪᠣᠯᠣᠨ ᠡᠪᠡᠳᠴᠢᠲᠡᠨ ᠢ ᠬᠠᠮᠠᠭᠠᠯᠠᠬᠤ᠂ ᠮᠠᠭᠤ ᠡᠲᠡᠭᠡᠳ ᠢ ᠨᠣᠮᠣᠬᠠᠳᠬᠠᠬᠤ ᠵᠡᠷᠭᠡ ᠲᠠᠯ᠎ᠠ ᠪᠠᠷ ᠲᠤᠰᠬᠠᠢ ᠰᠡᠳᠦᠪᠲᠦ ᠪᠣᠯᠪᠠᠰᠤᠷᠠᠯ ᠬᠢᠵᠦ᠂ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠠᠩᠭᠢᠯᠠᠭ᠎ᠠ ᠳᠤ ᠴᠢᠭᠯᠡᠭᠦᠯᠦᠨ ᠪᠣᠳᠠᠲᠤ ᠪᠠᠶᠢᠯᠳᠤᠭᠠᠨ ᠤ ᠰᠣᠷᠢᠯᠲᠠ ᠬᠢᠵᠡᠢ᠃ ᠲᠤᠰ ᠤᠳᠠᠭᠠᠨ ᠤ ᠰᠣᠷᠢᠯᠲᠠ ᠳᠤ ᠲᠠᠶᠢᠯᠪᠤᠷᠢᠯᠠᠨ ᠲᠠᠶᠢᠯᠪᠤᠷᠢᠯᠠᠬᠤ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠵᠢᠱᠢᠶ᠎ᠡ ᠦᠵᠡᠭᠦᠯᠬᠦ ᠲᠣᠭᠯᠠᠯᠲᠠ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠵᠡᠷᠭᠡ ᠠᠷᠭ᠎ᠠ ᠬᠡᠯᠪᠡᠷᠢ ᠶᠢ ᠠᠪᠴᠤ᠂ ᠭᠡᠨᠡᠳᠲᠡ ᠶᠢᠨ ᠬᠡᠷᠡᠭ ᠢ ᠢᠯᠡᠷᠡᠭᠦᠯᠦᠨ ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠲᠡ ᠬᠢᠬᠦ᠂ ᠴᠠᠭᠳᠠᠭ᠎ᠠ ᠡᠮᠨᠡᠯᠭᠡ ᠬᠠᠮᠲᠤᠷᠠᠨ ᠬᠥᠳᠡᠯᠦᠯᠴᠡᠬᠦ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ᠂ ᠳ᠋ᠦᠩᠨᠡᠵᠦ ᠳᠡᠭᠡᠭᠰᠢ ᠮᠡᠳᠡᠭᠦᠯᠬᠦ ᠵᠡᠷᠭᠡ ᠡᠯ᠎ᠡ ᠭᠤᠭᠴᠤᠭ᠎ᠠ ᠳᠤ ᠲᠤᠬᠠᠢ ᠶᠢᠨ ᠲᠠᠯᠠᠪᠤᠷ ᠤᠨ ᠳᠠᠭᠤᠷᠢᠶᠠᠮᠠᠯ ᠰᠣᠷᠢᠯᠲᠠ ᠬᠢᠬᠦ ᠪᠠᠷ ᠳᠠᠮᠵᠢᠭᠤᠯᠤᠨ᠂ ᠡᠮᠨᠡᠯᠭᠡ ᠶᠢᠨ ᠬᠤᠷᠢᠶᠠᠨ ᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠬᠡᠷᠡᠭ ᠢ ᠪᠠᠴᠢᠮ ᠠᠷᠭᠠᠴᠠᠨ ᠰᠢᠢᠳᠪᠦᠷᠢᠯᠡᠬᠦ ᠠᠷᠭ᠎ᠠ ᠪᠠ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠮᠨᠡᠯᠭᠡ ᠶᠢᠨ ᠬᠤᠷᠢᠶᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢᠨ ᠬᠢᠷᠢ ᠬᠡᠮᠵᠢᠶ᠎ᠡ ᠪᠠ ᠠᠮᠤᠷ ᠢ ᠬᠠᠮᠠᠭᠠᠯᠠᠬᠤ ᠡᠩᠨᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠪᠡ᠃  
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ