2024 ᠣᠨ ᠤ 11 ᠰᠠᠷ᠎ᠠ ᠶᠢᠨ 11 ᠤ ᠡᠳᠦᠷ᠂ ᠰᠢᠨ ᠺᠠᠢ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠠᠷᠠᠳᠴᠢᠯᠠᠯ ᠢᠶᠠᠷ ᠬᠠᠮᠢᠶᠠᠷᠬᠤ᠂ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠᠷ ᠬᠥᠲᠥᠯᠥᠮᠵᠢ ᠪᠣᠯᠭᠠᠵᠤ᠂ ᠠᠷᠠᠳ ᠤᠨ ᠰᠠᠨᠠᠭ᠎ᠠ ᠶᠢ | ᠬᠤᠷᠠᠮᠳᠤᠭᠤᠯᠬᠤ᠂ ᠠᠷᠠᠳ ᠤᠨ ᠰᠡᠳᠬᠢᠯ ᠢ ᠬᠤᠯᠪᠣᠬᠤ ᠪᠠᠷ ᠭᠤᠣᠯ ᠰᠢᠵᠢᠮ ᠪᠣᠯᠭᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ︽ | ᠰᠠᠭᠤᠭᠠᠯᠢ ᠠᠷᠠᠳ ᠤᠨ ᠬᠡᠷᠡᠭ ᠵᠦᠪᠯᠡᠬᠦ ᠬᠤᠷᠠᠯ︾ ᠢ ᠬᠤᠷᠠᠯᠳᠤᠭᠤᠯᠵᠤ᠂ ᠤᠯᠠᠨ ᠲᠦᠮᠡᠨ ᠲᠠᠢ ᠨᠢᠭᠤᠷᠳᠠᠨ ᠰᠠᠨᠠᠯ ᠢᠶᠠᠨ ᠰᠣᠯᠢᠯᠴᠠᠵᠤ᠂ ᠤᠯᠠᠨ ᠲᠦᠮᠡᠨ ᠤ | ᠬᠦᠰᠡᠯ ᠪᠤᠳᠤᠯ ᠢ ᠣᠶᠢᠯᠠᠭᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠷᠤ ᠥᠪᠥᠷ ᠤᠨ ︽ᠪᠤᠬᠢᠨᠢᠳᠤᠯ ᠲᠠᠢ ᠶᠠᠪᠤᠳᠠᠯ︾ ᠢ ᠰᠢᠢᠳᠪᠦᠷᠢᠯᠡᠬᠦ ᠳᠤ | ᠬᠦᠴᠦ ᠨᠡᠮᠡᠷᠢᠯᠡᠵᠡᠢ᠃ | | | | | ᠬᠡᠷᠡᠭ ᠵᠥᠪᠯᠡᠬᠦ ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠱᠦᠵᠢ ᠠᠴᠠ ᠬᠤᠷᠠᠯ ᠳᠤ ᠣᠷᠣᠯᠴᠠᠬᠤ ᠲᠥᠯᠥᠭᠡᠯᠡᠭᠴᠢᠳ ᠲᠤ ᠲᠤᠰ ᠤᠳᠠᠭ᠎ᠠ ᠶᠢᠨ | ᠬᠤᠷᠠᠯ ᠤᠨ ᠶᠠᠷᠢᠯᠴᠠᠬᠤ ᠭᠤᠣᠯ ᠰᠡᠳᠦᠪ ︱ ᠪᠠᠭ᠎ᠠ ᠲᠣᠭᠤᠷᠢᠭ ᠤᠨ ᠠᠰᠠᠷ ᠤᠨ ᠭᠠᠳᠠᠷ ᠲᠠᠯ᠎ᠠ ᠶᠢᠨ ᠤᠰᠤ ᠵᠠᠯᠠᠬᠤ ᠬᠤᠭᠤᠯᠠᠢ ᠡᠪᠳᠡᠷᠡᠵᠦ᠂ ᠠᠮᠤᠷ ᠲᠦᠪᠰᠢᠨ ᠤ | ᠭᠡᠮ ᠰᠣᠭᠤᠭ ᠣᠷᠣᠰᠢᠵᠤ ᠪᠠᠶᠢᠬᠤ ᠶᠢ ᠲᠠᠨᠢᠯᠴᠠᠭᠤᠯᠪᠠ᠃ ᠰᠠᠭᠤᠭᠠᠯᠢ ᠠᠷᠠᠳ ᠤᠨ ᠲᠥᠯᠥᠭᠡᠯᠡᠭᠴᠢᠳ ᠡᠨᠡᠬᠦ ᠠᠰᠠᠭᠤᠳᠠᠯ ᠳᠤ ᠴᠢᠭᠯᠡᠭᠦᠯᠦᠨ ᠢᠳᠡᠪᠬᠢᠲᠡᠢ ᠪᠠᠷ | ᠶᠠᠷᠢᠶ᠎ᠠ ᠲᠠᠯᠪᠢᠵᠤ᠂ ᠠᠰᠠᠭᠤᠳᠠᠯ ᠢ ᠰᠢᠢᠳᠪᠦᠷᠢᠯᠡᠬᠦ ᠳᠤ ᠣᠷᠣᠨ ᠰᠠᠭᠤᠴᠠ ᠶᠢᠨ ᠨᠡᠶᠢᠲᠡ ᠶᠢᠨ ᠪᠠᠲᠤᠯᠠᠭ᠎ᠠ ᠶᠢᠨ ᠮᠥᠩᠭᠦ ᠶᠢ ᠬᠡᠷᠡᠭᠯᠡᠬᠦ ᠪᠠ ᠰᠠᠭᠤᠭᠠᠯᠢ ᠠᠷᠠᠳ ᠤᠨ | ᠥᠪᠡᠷ ᠢᠶᠠᠨ ᠪᠡᠯᠡ ᠮᠥᠩᠭᠦ ᠴᠤᠭᠯᠠᠭᠤᠯᠵᠤ ᠰᠡᠯᠪᠢᠨ ᠵᠠᠰᠠᠬᠤ ᠵᠡᠷᠭᠡ ᠲᠥᠰᠥᠯ ᠤᠨ ᠲᠤᠬᠠᠢ ᠥᠪᠡᠷ ᠤᠨ ᠦᠵᠡᠯᠲᠡ ᠰᠠᠨᠠᠭᠤᠯᠭ᠎ᠠ ᠪᠠᠨ ᠢᠯᠡᠳᠬᠡᠵᠡᠢ᠃ ᠰᠠᠭᠤᠭᠠᠯᠢ | ᠠᠷᠠᠳ ᠤᠨ ᠲᠥᠯᠥᠭᠡᠯᠡᠭᠴᠢᠳ ᠤᠨ ᠰᠠᠨᠠᠯ ᠢ ᠰᠣᠨᠣᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠪᠣᠯᠣᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠲᠥᠯᠥᠭᠡᠯᠡᠭᠴᠢᠳ ᠣᠯᠠᠨ ᠲᠠᠢ ᠭᠦᠨᠵᠡᠭᠡᠢ ᠶᠠᠷᠢᠯᠴᠠᠭᠰᠠᠨ ᠪᠥᠭᠡᠳ ᠲᠤᠰᠬᠠᠢ ᠮᠡᠷᠭᠡᠵᠢᠯ ᠤᠨ | ᠲᠠᠶᠢᠯᠤᠮᠵᠢ ᠬᠢᠭᠰᠡᠨ ᠪᠠᠶᠢᠨ᠎ᠠ᠃ ᠣᠯᠠᠨ ᠢᠶᠠᠷ ᠢᠶᠠᠨ ᠰᠢᠢᠳᠪᠦᠷᠢᠯᠡᠬᠦ ᠲᠥᠰᠥᠯ ᠤᠨ ᠪᠣᠯᠣᠮᠵᠢᠲᠤ ᠴᠢᠨᠠᠷ᠂ ᠪᠡᠯᠡ ᠮᠥᠩᠭᠦ ᠶᠢᠨ ᠢᠷᠡᠯᠲᠡ᠂ ᠬᠡᠷᠡᠭᠵᠢᠭᠦᠯᠬᠦ ᠴᠠᠭ ᠵᠡᠷᠭᠡ | ᠵᠠᠩᠭᠢᠯᠠᠭ᠎ᠠ ᠶᠢᠨ ᠠᠰᠠᠭᠤᠳᠠᠯ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ 1 ᠴᠠᠭ ᠭᠠᠷᠤᠢ ᠭᠦᠢᠴᠡᠳ ᠶᠠᠷᠢᠯᠴᠠᠬᠤ ᠪᠠᠷ ᠳᠡᠮᠵᠢᠨ᠂ ᠰᠠᠭᠤᠭᠠᠯᠢ | ᠠᠷᠠᠳ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢᠨ ᠢᠷᠡᠯᠲᠡ ᠵᠢᠴᠢ ᠬᠡᠷᠡᠭᠵᠢᠭᠦᠯᠬᠦ ᠠᠯᠬᠤᠮ ᠳᠠᠷᠠᠭ᠎ᠠ ᠵᠡᠷᠭᠡ ᠳᠤ ᠬᠠᠮᠲᠤ ᠶᠢᠨ ᠲᠠᠨᠢᠯᠲᠠ ᠲᠠᠢ ᠪᠣᠯᠵᠤ᠂ | ᠣᠯᠠᠨ ᠢᠶᠠᠷ ᠢᠶᠠᠨ ᠣᠷᠣᠨ ᠰᠠᠭᠤᠴᠠ ᠶᠢᠨ ᠨᠡᠶᠢᠲᠡ ᠶᠢᠨ ᠪᠠᠲᠤᠯᠠᠭᠠᠲᠤ ᠮᠥᠩᠭᠦ ᠶᠢ ᠬᠥᠳᠡᠯᠭᠡᠨ ᠬᠡᠷᠡᠮ ᠤᠨ ᠭᠠᠳᠠᠷ ᠲᠠᠯ᠎ᠠ ᠶᠢᠨ ᠤᠰᠤ ᠵᠠᠯᠠᠬᠤ ᠬᠤᠭᠤᠯᠠᠢ ᠶᠢ | ᠨᠤᠷᠠᠭᠠᠵᠤ᠂ ᠤᠰᠤ ᠵᠠᠯᠠᠬᠤ ᠰᠢᠨ᠎ᠡ ᠬᠤᠭᠤᠯᠠᠢ ᠶᠢ ᠰᠣᠯᠢᠨ᠎ᠠ ᠭᠡᠵᠦ ᠰᠠᠨᠠᠯ ᠨᠢᠭᠡᠲᠡᠢ ᠦᠵᠡᠪᠡ᠃ ᠳᠠᠷᠠᠭ᠎ᠠ ᠪᠠᠷ ᠨᠢ ᠪᠠᠷᠢᠯᠭ᠎ᠠ ᠶᠢᠨ ᠠᠩᠭᠢ ᠲᠠᠢ ᠬᠠᠷᠢᠯᠴᠠᠵᠤ | ᠰᠡᠯᠪᠢᠨ ᠵᠠᠰᠠᠵᠤ᠂ ᠬᠠᠭᠠᠰ ᠡᠳᠦᠷ ᠤᠨ ᠰᠡᠯᠪᠢᠨ ᠵᠠᠰᠠᠯᠲᠠ ᠪᠠᠷ ᠳᠠᠮᠵᠢᠨ ᠤᠰᠤ ᠵᠠᠯᠠᠬᠤ ᠬᠤᠭᠤᠯᠠᠢ ᠶᠢ ᠰᠣᠯᠢᠵᠤ ᠳᠠᠭᠤᠰᠬᠠᠪᠠ᠃ | ᠲᠤᠰ ᠤᠳᠠᠭᠠᠨ ᠤ ᠬᠤᠷᠠᠯ ᠨᠢ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ | ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵ᠊᠂ ᠰᠠᠭᠤᠭᠠᠯᠢ ᠠᠷᠠᠳ ᠤᠨ ᠣᠷᠣᠯᠴᠠᠬᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠦᠨᠡᠨ ᠬᠦ ᠬᠥᠭᠵᠢᠭᠡᠪᠡ᠃ ᠬᠤᠶᠢᠰᠢᠳᠠ᠂ ᠰᠢᠨ ᠺᠠᠢ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠰᠠᠭᠤᠭᠠᠯᠢ | ᠠᠷᠠᠳ ᠲᠤ ᠦᠷᠭᠦᠯᠵᠢᠯᠡᠨ ᠬᠡᠷᠡᠭ ᠵᠥᠪᠯᠡᠵᠦ ᠨᠡᠪᠲᠡᠷᠡᠯᠴᠡᠬᠦ ᠲᠠᠪᠴᠠᠩ ᠪᠠᠶᠢᠭᠤᠯᠤᠨ ᠥᠭᠴᠦ᠂ ᠬᠡᠷᠡᠭ ᠵᠥᠪᠯᠡᠬᠦ ᠠᠵᠢᠯ ᠢ ᠪᠠᠶᠢᠩᠭᠤᠵᠢᠭᠤᠯᠬᠤ ᠶᠢ ᠪᠠᠷᠢᠮᠲᠠᠯᠠᠨ᠂ ︽ | ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠬᠦᠴᠦᠯᠡᠨ ᠠᠬᠢᠭᠤᠯᠵᠤ᠂ ᠰᠠᠭᠤᠭᠠᠯᠢ ᠠᠷᠠᠳ ᠤᠨ | ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠰᠠᠭᠤᠭᠠᠯᠢ ᠠᠷᠠᠳ ᠤᠨ ᠵᠣᠯ | ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ |