ᠳᠥᠷᠪᠡᠳᠦᠭᠡᠷ ᠵᠡᠭᠡᠯᠢ ᠭᠤᠳᠤᠮᠵᠢ ᠶᠢᠨ ᠰᠢᠨ᠎ᠡ ᠲᠣᠰᠬᠤᠨ ᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ︽ᠦᠨᠡᠨᠴᠢ ᠢᠲᠡᠭᠡᠮᠵᠢᠲᠡᠢ ᠰᠣᠶᠣᠯ ᠢ ᠪᠠᠳᠠᠷᠠᠭᠤᠯᠵᠤ ᠦᠨᠡᠨᠴᠢ ᠢᠲᠡᠭᠡᠮᠵᠢᠲᠡᠢ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠤᠶ᠎ᠠ︾ ᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/14
       2024 ᠣᠨ ᠤ 11 ᠰᠠᠷ᠎ᠠ ᠶᠢᠨ 11 ᠤ ᠡᠳᠦᠷ᠂ ᠰᠢᠨ᠎ᠡ ᠲᠣᠰᠬᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠬᠠᠷᠢᠶ᠎ᠠ ᠣᠷᠣᠨ ᠳᠠᠭᠠᠨ ᠭᠦᠨᠵᠡᠭᠡᠶᠢᠷᠡᠵᠦ ︽ᠦᠨᠡᠨᠴᠢ ᠢᠲᠡᠭᠡᠮᠵᠢᠲᠡᠢ ᠰᠣᠶᠣᠯ ᠢ ᠪᠠᠳᠠᠷᠠᠭᠤᠯᠵᠤ ᠦᠨᠡᠨᠴᠢ ᠢᠲᠡᠭᠡᠮᠵᠢᠲᠡᠢ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠤᠶ᠎ᠠ︾ ᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
2024-11-14-7.png
       ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠦᠨᠡᠨᠴᠢ ᠢᠲᠡᠭᠡᠮᠵᠢᠲᠡᠢ ᠪᠠᠶᠢᠬᠤ ᠶᠢᠨ ᠴᠢᠬᠤᠯᠠ ᠠᠴᠢ ᠬᠤᠯᠪᠣᠭᠳᠠᠯ ᠵᠢᠴᠢ ᠢᠲᠡᠭᠡᠯ ᠠᠯᠳᠠᠭᠰᠠᠨ ᠠᠵᠢᠯᠯᠠᠭ᠎ᠠ ᠠᠴᠠ ᠪᠣᠯᠤᠭᠰᠠᠨ ᠮᠠᠭᠤ ᠦᠷ᠎ᠡ ᠳ᠋ᠦᠩ ᠢ ᠨᠠᠷᠢᠨ ᠲᠠᠨᠢᠯᠴᠠᠭᠤᠯᠵᠠᠢ᠃ ᠨᠡᠶᠢᠭᠡᠮ ᠲᠣᠭᠤᠷᠢᠭ ᠤᠨ ᠠᠵᠢᠯᠲᠠᠳ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠬᠡᠷᠬᠢᠨ ᠦᠨᠡᠨᠴᠢ ᠢᠲᠡᠭᠡᠮᠵᠢᠲᠡᠢ ᠪᠠᠶᠢᠬᠤ ᠶᠢ ᠪᠡᠶᠡᠯᠡᠭᠦᠯᠬᠦ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠭᠰᠠᠨ ᠪᠠᠶᠢᠨ᠎ᠠ᠃ ᠰᠠᠶᠢᠨ ᠳᠤᠷ᠎ᠠ ᠶᠢᠨ ᠠᠵᠢᠯᠯᠠᠭᠴᠢ ᠶᠢᠨ ᠲᠠᠶᠢᠯᠪᠤᠷᠢᠯᠠᠯᠲᠠ ᠪᠠᠷ ᠳᠠᠮᠵᠢᠭᠤᠯᠤᠨ᠂ ᠲᠡᠳᠡᠨ ᠳᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠦᠨᠡᠨᠴᠢ ᠢᠲᠡᠭᠡᠮᠵᠢᠲᠡᠢ ᠪᠠᠶᠢᠬᠤ ᠶᠢᠨ ᠴᠢᠬᠤᠯᠠ ᠴᠢᠨᠠᠷ ᠢ ᠲᠠᠨᠢᠭᠤᠯᠵᠤ᠂ ᠦᠨᠡᠨᠴᠢ ᠢᠲᠡᠭᠡᠮᠵᠢᠲᠡᠢ ᠪᠠᠶᠢᠬᠤ  ᠶᠢ ᠨᠡᠩ ᠭᠦᠨᠵᠡᠭᠡᠢ ᠣᠶᠢᠯᠠᠭᠠᠭᠤᠯᠵᠤ᠂ ᠥᠪᠡᠷ ᠤᠨ ᠦᠨᠡᠨᠴᠢ ᠢᠲᠡᠭᠡᠮᠵᠢᠲᠡᠢ ᠪᠠᠶᠢᠬᠤ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ ᠬᠥᠮᠥᠨ ᠪᠣᠯᠬᠤ ᠬᠡᠷᠡᠭᠲᠡᠢ ᠭᠡᠵᠦ ᠰᠠᠭᠤᠭᠠᠯᠢ ᠠᠷᠠᠳ ᠢᠯᠡᠷᠬᠡᠶᠢᠯᠡᠵᠡᠢ᠃        ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ︽ᠢᠲᠡᠭᠡᠯ ᠲᠠᠢ ᠪᠠᠶᠢᠬᠤ ᠨᠢ ᠢᠷᠠᠭᠤ ᠠᠯᠳᠠᠷᠲᠠᠢ᠂ ᠢᠲᠡᠭᠡᠯ ᠢᠶᠠᠨ ᠠᠯᠳᠠᠬᠤ ᠨᠢ ᠢᠴᠢᠭᠦᠷᠢᠲᠡᠢ︾ ᠭᠡᠬᠦ ᠦᠵᠡᠯ ᠰᠠᠨᠠᠭ᠎ᠠ ᠣᠶᠢᠯᠠᠭᠠᠭᠳᠠᠬᠤᠨ ᠢ ᠬᠥᠮᠥᠵᠢᠭᠦᠯᠵᠡᠢ᠃ ᠳᠠᠷᠠᠭᠠᠴᠢ ᠶᠢᠨ ᠠᠯᠬᠤᠮ ᠳᠤ᠂ ᠰᠢᠨ᠎ᠡ ᠲᠣᠰᠬᠤᠨ ᠤ ᠨᠡᠶᠢᠭᠡᠮ ᠲᠣᠭᠤᠷᠢᠭ ᠤᠨ ᠬᠢᠨ ᠲᠠᠰᠤᠷᠠᠯᠲᠠ ᠦᠭᠡᠢ ᠤᠬᠠᠭᠤᠯᠬᠤ ᠪᠠᠷ ᠳᠠᠮᠵᠢᠭᠤᠯᠵᠤ᠂ ᠦᠨᠡᠨᠴᠢ ᠢᠲᠡᠭᠡᠮᠵᠢ ᠲᠠᠢ ᠪᠠᠶᠢᠬᠤ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠨᠡᠩ ᠡᠶ᠎ᠡ ᠵᠣᠬᠢᠴᠠᠩᠭᠤᠢ᠂ ᠦᠨᠡᠨᠴᠢ ᠢᠲᠡᠭᠡᠮᠵᠢᠲᠡᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠢᠷᠮᠠᠶᠢᠨ ᠪᠠᠶᠢᠭᠤᠯᠬᠤ ᠪᠣᠯᠣᠨ᠎ᠠ᠃  
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ