ᠳᠥᠷᠪᠡᠳᠦᠭᠡᠷ ᠵᠡᠭᠡᠯᠢ ᠭᠤᠳᠤᠮᠵᠢ ᠶᠢᠨ ᠴᠢᠩ ᠴᠢᠶᠤᠸᠠᠨ ᠨᠡᠶᠢᠭᠡᠮ ᠲᠣᠭᠤᠷᠢᠭ ᠤᠨ ᠠᠵᠢᠯᠲᠠᠨ ᠠᠷᠠᠳ ᠲᠤ ᠲᠥᠬᠦᠮ ᠦᠵᠡᠭᠦᠯᠬᠦ ᠰᠠᠭᠤᠳᠠᠯ ᠢ ᠰᠡᠯᠪᠢᠨ ᠵᠠᠰᠠᠵᠤ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠠᠬᠢᠭᠤᠯᠪᠠ
ᠨᠡᠶᠢᠲᠡᠯᠡᠭᠰᠡᠨ ᠴᠠᠭ᠄
2024/11/14
       2024 ᠣᠨ ᠤ 11 ᠰᠠᠷ᠎ᠠ ᠶᠢᠨ 11 ᠤ ᠡᠳᠦᠷ᠂ ᠴᠢᠩ ᠴᠢᠶᠤᠸᠠᠨ ᠨᠡᠶᠢᠭᠡᠮ ᠲᠣᠭᠤᠷᠢᠭ ᠤᠨ ᠠᠵᠢᠯᠲᠠᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠶᠠᠪᠤᠴᠠ ᠳᠠᠭᠠᠨ ᠷᠧᠨ ᠾᠧ ᠵᠢᠶᠠ ᠶᠦᠦᠠᠨ ᠵᠢᠵᠢᠭ ᠲᠣᠭᠤᠷᠢᠭ ᠤᠨ 6 ᠳ᠋ᠤᠭᠠᠷ ᠠᠰᠠᠷ ᠤᠨ ᠳᠣᠣᠷᠠᠬᠢ ᠠᠷᠠᠳ ᠲᠤ ᠲᠥᠬᠦᠮ ᠦᠵᠡᠭᠦᠯᠬᠦ ᠰᠠᠭᠤᠳᠠᠯ ᠤᠨ ᠰᠢᠨ᠎ᠡ ᠪᠠᠷ ᠪᠠᠶᠢᠭᠤᠯᠤᠭᠰᠠᠨ ᠬᠦᠴᠦᠳᠡᠯ ᠥᠭᠡᠷᠡᠴᠢᠯᠡᠭᠴᠢ ᠠᠴᠠ ᠪᠣᠯᠵᠤ ᠰᠠᠭᠤᠳᠠᠯ ᠢ ᠰᠤᠯᠠᠷᠠᠭᠤᠯᠵᠤ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠨᠥᠯᠥᠭᠡᠯᠡᠭᠰᠡᠨ ᠢᠶᠠᠷ ᠪᠠᠷᠠᠬᠤ ᠦᠭᠡᠢ᠂ ᠰᠠᠭᠤᠭᠠᠯᠢ ᠠᠷᠠᠳ ᠤᠨ ᠡᠳᠦᠷ ᠲᠤᠲᠤᠮ ᠤᠨ ᠰᠡᠯᠡᠭᠦᠴᠡᠯ ᠳᠤ ᠴᠦ ᠬᠦᠴᠢᠷᠳᠡᠯ ᠤᠴᠠᠷᠠᠭᠤᠯᠵᠤ᠂ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠠᠲᠠᠵᠠᠢ᠃ ᠡᠭᠦᠨ ᠳᠤ ᠴᠢᠩ ᠴᠢᠶᠤᠸᠠᠨ ᠨᠡᠶᠢᠭᠡᠮ ᠲᠣᠭᠤᠷᠢᠭ ᠤᠨ ᠠᠵᠢᠯᠲᠠᠨ ᠦᠳᠲᠡᠷ ᠲᠦᠷᠭᠡᠨ ᠬᠥᠳᠡᠯᠦᠯᠴᠡᠵᠦ᠂ ᠪᠠᠷᠢᠯᠭ᠎ᠠ ᠶᠢᠨ ᠨᠢᠭᠡᠴᠡ ᠲᠠᠢ ᠬᠠᠷᠢᠯᠴᠠᠵᠤ᠂ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ ᠡᠷᠬᠡᠪᠰᠢ ᠠᠷᠠᠳ ᠲᠤ ᠳᠥᠭᠦᠮ ᠦᠵᠡᠭᠦᠯᠬᠦ ᠰᠠᠭᠤᠳᠠᠯ ᠢ ᠪᠠᠬᠢᠯᠡᠨ ᠲᠣᠭᠲᠠᠭᠠᠵᠤ᠂ ᠰᠠᠭᠤᠭᠠᠯᠢ ᠠᠷᠠᠳ ᠤᠨ ᠬᠡᠪ ᠤᠨ ᠬᠡᠷᠡᠭᠯᠡᠯᠲᠡ ᠶᠢ ᠪᠠᠲᠤᠯᠠᠵᠤ᠂ ᠰᠠᠨᠠᠭᠠᠨ ᠳᠤ ᠦᠭᠡᠢ ᠬᠡᠷᠡᠭ ᠭᠠᠷᠬᠤ ᠠᠴᠠ ᠰᠡᠷᠭᠡᠶᠢᠯᠡᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃
2024-11-14-8.png
       ᠨᠡᠶᠢᠭᠡᠮ ᠲᠣᠭᠤᠷᠢᠭ ᠤᠨ ᠠᠵᠢᠯᠲᠠᠨ ᠪᠠ ᠪᠠᠷᠢᠯᠭ᠎ᠠ ᠶᠢᠨ ᠲᠠᠯ᠎ᠠ ᠶᠢᠨ ᠬᠢᠨ ᠲᠠᠢ ᠨᠡᠪᠲᠡᠷᠡᠯᠴᠡᠬᠦ ᠪᠠᠷ ᠳᠡᠮᠵᠢᠨ᠂ ᠠᠷᠠᠳ ᠲᠤ ᠲᠥᠬᠦᠮ ᠦᠵᠡᠭᠦᠯᠬᠦ ᠰᠠᠭᠤᠳᠠᠯ ᠮᠠᠰᠢ ᠲᠦᠷᠭᠡᠨ ᠢᠶᠠᠷ ᠰᠡᠷᠭᠦᠵᠦ᠂ ᠴᠡᠪᠡᠷ ᠲᠡᠭᠰᠢ᠂ ᠠᠮᠤᠷ ᠲᠦᠪᠰᠢᠨ ᠪᠥᠭᠡᠳ ᠪᠠᠲᠤ ᠪᠠᠬᠢ ᠠᠷᠠᠳ ᠲᠤ ᠲᠥᠬᠦᠮ ᠦᠵᠡᠭᠦᠯᠬᠦ ᠰᠠᠭᠤᠳᠠᠯ ᠳᠤ ᠰᠠᠭᠤᠭᠰᠠᠨ ᠳᠤ ᠰᠠᠭᠤᠭᠠᠯᠢ ᠠᠷᠠᠳ ᠶᠢᠦ ᠡᠵᠢ᠄ ︽ᠠᠷᠠᠳ ᠲᠤ ᠲᠥᠬᠦᠮ ᠦᠵᠡᠭᠦᠯᠬᠦ ᠰᠠᠭᠤᠳᠠᠯ ᠢ ᠰᠠᠶᠢᠲᠤᠷ ᠰᠡᠷᠭᠦᠭᠡᠵᠡᠢ᠂ ᠪᠢᠳᠡ ᠪᠠᠰᠠ ᠵᠣᠭᠤᠭ ᠳᠡᠯᠭᠡᠬᠦ ᠭᠠᠵᠠᠷ ᠲᠠᠢ ᠪᠣᠯᠵᠠᠢ᠂ ᠨᠡᠶᠢᠭᠡᠮ ᠲᠣᠭᠤᠷᠢᠭ ᠤᠨ ᠬᠢᠨ ᠪᠢᠳᠡᠨ ᠤ ᠬᠦᠴᠢᠷᠳᠡᠯ ᠢ ᠰᠢᠢᠳᠪᠦᠷᠢᠯᠡᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠪᠠᠶᠠᠷᠲᠠᠢ ᠪᠠᠷ ᠬᠡᠯᠡᠪᠡ᠃        ᠳᠠᠷᠠᠭᠠᠴᠢ ᠶᠢᠨ ᠠᠯᠬᠤᠮ ᠳᠤ᠂ ᠴᠢᠩ ᠴᠢᠶᠤᠸᠠᠨ ᠨᠡᠶᠢᠭᠡᠮ ᠲᠣᠭᠤᠷᠢᠭ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠰᠠᠭᠤᠭᠠᠯᠢ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠵᠢᠴᠢ ᠬᠦᠴᠢᠷ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠳᠬᠠᠨ᠎ᠠ᠃
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ