ᠵᠠᠯᠠᠶᠢᠨᠠᠭᠤᠷ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽119︾ ᠶᠢᠨ ᠪᠥᠬᠦ ᠤᠯᠤᠰ ᠤᠨ ᠭᠠᠯ ᠤᠨᠲᠠᠷᠠᠭᠠᠬᠤ ᠡᠳᠦᠷ ᠵᠢᠴᠢ 2024 ᠣᠨ ᠤ ᠪᠥᠬᠦ ᠤᠯᠤᠰ ᠤᠨ ᠭᠠᠯ ᠤᠨᠲᠠᠷᠠᠭᠠᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠬᠠᠮᠵᠢᠯᠴᠠᠨ ᠥᠷᠨᠢᠭᠦᠯᠪᠡ
ᠨᠡᠶᠢᠲᠡᠯᠡᠭᠰᠡᠨ ᠴᠠᠭ᠄
2024/11/14
       2024 ᠣᠨ ᠤ 11 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠣᠯᠠᠨ ᠨᠡᠶᠢᠲᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠷᠠᠭᠤᠯᠬᠤ ᠶᠢᠨ ᠲᠥᠯᠥᠭᠡ᠂ ᠭᠠᠯ ᠤᠨᠲᠠᠷᠠᠭᠠᠬᠤ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠤᠨ᠎ᠠ ᠃ ᠵᠠᠯᠠᠶᠢᠨᠠᠭᠤᠷ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠠᠭᠤᠷᠬᠠᠢ ᠶᠢᠨ ᠠᠪᠤᠷᠠᠨ ᠲᠤᠰᠠᠯᠠᠬᠤ ᠵᠠᠯᠠᠶᠢᠨᠠᠭᠤᠷ ᠵᠡᠷᠭᠡ ᠪᠠᠶᠢᠭᠤᠯᠤᠯᠭ᠎ᠠ ᠨᠢᠭᠡᠴᠡ ᠶᠢᠨ ᠲᠥᠯᠥᠭᠡᠯᠡᠭᠴᠢ ᠬᠠᠮᠲᠤᠪᠠᠷ ᠬᠥᠭᠵᠢᠭᠰᠡᠨ ᠠᠭᠤᠳᠠᠮ ᠲᠠᠯᠠᠪᠠᠢ ᠳᠤ ᠶᠠᠪᠤᠭᠳᠠᠭᠰᠠᠨ ︽119︾ ᠤ ᠪᠦᠬᠦ ᠤᠯᠤᠰ ᠤᠨ ᠭᠠᠯ ᠤᠨᠲᠠᠷᠠᠭᠠᠬᠤ ᠡᠳᠦᠷ ᠵᠢᠴᠢ 2024 ᠣᠨ ᠤ ᠪᠦᠬᠦ ᠤᠯᠤᠰ ᠤᠨ ᠭᠠᠯ ᠤᠨᠲᠠᠷᠠᠭᠠᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
2024-11-14-10.jpg
       ᠠᠵᠢᠯᠯᠠᠭ᠎ᠠ ᠶᠢᠨ ᠳᠤᠮᠳᠠ᠂ ᠹᠠ ᠳ᠋ᠠ ᠠᠭᠤᠳᠠᠮ ᠲᠠᠯᠠᠪᠠᠶ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠡᠩ ᠲᠡᠷᠢᠭᠦᠨ ᠳᠤ ᠶᠠᠷᠢᠶ᠎ᠠ ᠲᠠᠯᠪᠢᠵᠤ᠂ ᠥᠷᠭᠡᠨ ᠣᠯᠠᠨ ᠠᠵᠢᠯᠲᠠᠨ ᠠᠵᠢᠯᠴᠢᠨ ᠢ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠢ ᠰᠤᠷᠤᠯᠴᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ︽ᠣᠯᠠᠨ ᠢᠶᠠᠷ ᠢᠶᠠᠨ︾ ᠢ ᠰᠠᠬᠢᠨ ᠬᠠᠮᠠᠭᠠᠯᠠᠵᠤ᠂ ︽ᠪᠠᠭ᠎ᠠ ᠭᠡᠷ ᠪᠦᠯᠢ︾ ᠪᠠᠨ ᠰᠠᠶᠢᠲᠤᠷ ᠰᠠᠬᠢᠬᠤ ᠬᠡᠷᠡᠭᠲᠡᠢ ᠭᠡᠵᠦ ᠤᠷᠢᠶᠠᠯᠠᠵᠠᠢ᠃ ᠵᠠᠯᠠᠶᠢᠨᠠᠭᠤᠷ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ︽119︾ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠳᠤ ᠪᠠᠶᠢᠷᠢᠯᠠᠭᠤᠯᠤᠯᠲᠠ ᠬᠢᠵᠦ᠂ ᠴᠢᠬᠤᠯᠠᠴᠢᠯᠠᠭᠰᠠᠨ ᠨᠢ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠱᠠᠭᠠᠷᠳᠠᠯᠭ᠎ᠠ ᠶᠢ ᠬᠢᠨᠠᠮᠠᠭᠠᠢ ᠬᠠᠷᠢᠴᠠᠭᠤᠯᠤᠨ ᠭᠠᠯ ᠤᠨᠲᠠᠷᠠᠭᠠᠬᠤ ᠤᠬᠠᠭᠤᠯᠭ᠎ᠠ ᠶᠢᠨ ︽ᠲᠠᠪᠤᠨ ᠨᠢᠭᠡ︾ ᠶᠢᠨ ᠠᠵᠢᠯᠯᠠᠭ᠎ᠠ ᠥᠷᠨᠢᠭᠦᠯᠬᠦ ᠬᠡᠷᠡᠭᠲᠡᠢ᠂ ᠲᠤᠬᠠᠶᠢᠯᠠᠪᠠᠯ ᠭᠠᠯ ᠤᠨᠲᠠᠷᠠᠭᠠᠬᠤ ᠠᠮᠤᠷ ᠲᠦᠪᠰᠢᠨ ᠤ ᠬᠢᠴᠢᠶᠡᠯ ᠣᠷᠣᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠨᠢᠭᠡ ᠤᠳᠠᠭ᠎ᠠ ᠪᠠᠶᠢᠴᠠᠭᠠᠬᠤ᠂ ᠠᠮᠢ ᠵᠢᠭᠤᠲᠠᠬᠤ ᠵᠠᠮ ᠱᠤᠭᠤᠮ ᠤᠨ ᠵᠢᠷᠤᠭ ᠵᠢᠷᠤᠬᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠨᠢᠭᠡ ᠤᠳᠠᠭ᠎ᠠ ᠥᠷᠨᠢᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠠᠵᠢᠯ ᠲᠥᠷᠥᠯ ᠤᠨ ᠰᠠᠯᠠᠭ᠎ᠠ ᠮᠥᠴᠢᠷ ᠪᠣᠯᠣᠨ ᠨᠡᠶᠢᠭᠡᠮ ᠤᠨ ᠨᠢᠭᠡᠴᠡ ᠳᠤ ᠵᠢᠯᠣᠭᠤᠳᠤᠯᠭ᠎ᠠ ᠦᠢᠯᠡᠴᠢᠯᠡᠭᠡ ᠬᠠᠩᠭᠠᠬᠤ ᠶᠢ ᠴᠢᠩᠭᠠᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠶᠢ ᠰᠢᠯᠢᠳᠡᠭᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ᠂ ᠰᠠᠭᠤᠭᠠᠯᠢ ᠠᠷᠠᠳ ᠤᠨ ᠬᠠᠮᠤᠭ ᠤᠨ ᠠᠮᠠᠷᠬᠠᠨ ᠣᠮᠲᠣᠭᠠᠶᠢᠯᠠᠳᠠᠭ ᠠᠮᠤᠷ ᠲᠦᠪᠰᠢᠨ ᠤ ᠳᠠᠯᠳᠠ ᠬᠡᠮ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠣᠯᠣᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠦᠭᠯᠡᠭᠦᠷ ᠵᠡᠷᠭᠡ ᠭᠤᠷᠪᠠᠨ ᠲᠠᠯ᠎ᠠ ᠪᠠᠷ ᠴᠢᠬᠤᠯᠠ ᠶᠠᠷᠢᠶ᠎ᠠ ᠲᠠᠯᠪᠢᠭᠰᠠᠨ ᠪᠥᠭᠡᠳ ᠵᠠᠯᠠᠶᠢᠨᠠᠭᠤᠷ ᠲᠣᠭᠤᠷᠢᠭ ᠤᠨ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠭᠰᠡᠨ ᠢ ᠵᠠᠷᠯᠠᠪᠠ᠃
2024-11-14-10(2).jpg
       ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠫᠠᠶᠢᠰᠠ ᠭᠠᠷᠭᠠᠬᠤ᠂ ᠤᠬᠠᠭᠤᠯᠭ᠎ᠠ ᠶᠢᠨ ᠳᠤᠷᠠᠰᠬᠠᠯ ᠤᠨ ᠡᠳ᠋ ᠲᠠᠷᠬᠠᠭᠠᠬᠤ᠂ ᠲᠣᠭᠤᠷᠢᠨ ᠦᠵᠡᠬᠦ ᠲᠣᠨᠤᠭ ᠲᠥᠬᠦᠭᠡᠷᠦᠮᠵᠢ ᠶᠢᠨ ᠦᠵᠡᠭᠦᠯᠦᠯᠭᠡ ᠶᠢᠨ ᠲᠣᠭᠤᠷᠢᠭ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ︽ᠰᠤᠷᠴᠤ ᠬᠡᠷᠡᠭᠯᠡᠬᠦ ᠶᠢ ᠤᠶᠠᠯᠳᠤᠭᠤᠯᠬᠤ︾ ᠪᠠᠷ ᠳᠠᠮᠵᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠎ᠡ᠃ ᠰᠠᠭᠤᠭᠠᠯᠢ ᠠᠷᠠᠳ ᠤᠨ ᠣᠷᠣᠯᠴᠠᠬᠤ ᠬᠠᠯᠠᠭᠤᠨ ᠰᠡᠳᠬᠢᠯᠭᠡ ᠣᠷᠭᠢᠯᠵᠤ᠂ ᠪᠥᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠪ ᠪᠣᠯᠪᠠᠰᠤᠷᠠᠯ ᠢ ᠪᠣᠶᠢᠵᠢᠭᠤᠯᠬᠤ᠂ ︽ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠵᠠᠰᠠᠬᠤ︾ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂ ᠪᠥᠬᠦ ᠠᠷᠠᠳ ᠢᠶᠠᠷ ᠢᠶᠠᠨ ᠭᠠᠯ ᠤᠨᠲᠠᠷᠠᠭᠠᠬᠤ ᠶᠢ ᠠᠩᠬᠠᠷᠬᠤ᠂ ᠠᠮᠤᠷ ᠲᠦᠪᠰᠢᠨ ᠢ ᠴᠢᠬᠤᠯᠠᠴᠢᠯᠠᠬᠤ᠂ ᠭᠠᠯ ᠤᠨᠲᠠᠷᠠᠭᠠᠬᠤ ᠶᠢ ᠳᠡᠮᠵᠢᠬᠦ᠂ ᠬᠠᠮᠲᠤ ᠪᠠᠷ ᠪᠠᠶᠢᠭᠤᠯᠬᠤ ᠳᠤ ᠣᠷᠣᠯᠴᠠᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠎ᠠ᠃  
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ