11 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ | ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ᠂ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠲᠤᠬᠠᠢ ᠶᠢᠨ ᠲᠠᠯᠠᠪᠠᠢ ᠳᠤ ᠭᠥᠯᠢᠶᠡᠨ | ᠠᠪᠴᠤ ᠠᠭᠤᠯᠵᠠᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ | | | | | 11 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ | ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ᠂ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠲᠤᠬᠠᠢ ᠶᠢᠨ ᠲᠠᠯᠠᠪᠠᠢ ᠳᠤ ᠭᠥᠯᠢᠶᠡᠨ | ᠠᠪᠴᠤ ᠠᠭᠤᠯᠵᠠᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ | ᠲᠠᠯ᠎ᠠ ᠨᠤᠲᠤᠭ ᠤᠨ ᠡᠭᠦᠯᠡ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠣᠷᠪᠣᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠬᠤ | ᠲᠠᠰᠤᠭ ᠲᠤ᠂ ᠰᠦᠨ ᠱᠤᠤ ᠴᠧᠩ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠵᠠᠬᠢᠳᠠᠯ | ᠰᠤᠷᠪᠤᠯᠵᠢᠯᠠᠯ ᠤᠨ ᠵᠦᠢᠯᠡᠰ ᠤᠨ ᠤᠴᠢᠷ ᠰᠢᠯᠲᠠᠭᠠᠨ ᠪᠣᠯᠣᠨ ᠪᠣᠳᠠᠲᠠᠢ ᠬᠦᠰᠡᠯ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠵᠠᠷᠢᠮ ᠵᠠᠩᠭᠢᠯᠠᠭ᠎ᠠ ᠶᠢᠨ ᠨᠠᠷᠢᠨ | ᠵᠦᠢᠯᠡᠰ ᠤᠨ ᠲᠤᠬᠠᠢ ᠣᠯᠠᠨ ᠲᠦᠮᠡᠨ ᠲᠠᠢ ᠪᠠᠶᠢᠨ ᠲᠠᠭᠢᠨ ᠰᠠᠨᠠᠭ᠎ᠠ ᠪᠠᠨ ᠣᠯᠣᠯᠴᠠᠬᠤ ᠶᠢᠨ ᠬᠠᠮᠲᠤ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ | ᠨᠢᠭᠡᠴᠢ ᠶᠢᠨ ᠬᠠᠷᠢᠭᠤᠴᠠᠯᠭᠠᠲᠠᠨ ᠨᠥᠬᠦᠳ ᠲᠠᠢ ᠲᠤᠬᠠᠢ ᠶᠢᠨ ᠲᠠᠯᠠᠪᠠᠶ ᠳᠤ ᠠᠰᠠᠭᠤᠳᠠᠯ ᠢ ᠵᠠᠳᠠᠯᠵᠤ᠂ ᠰᠢᠢᠳᠪᠦᠷᠢᠯᠡᠬᠦ ᠠᠷᠭ᠎ᠠ ᠶᠢ ᠰᠤᠳᠤᠯᠪᠠ᠃ ᠲᠡᠷᠡ᠂ ᠦᠨᠡᠨ ᠬᠦ | ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠲᠥᠰᠥᠯ ᠢ ᠲᠦᠷᠭᠡᠬᠡᠨ ᠭᠠᠷᠭᠠᠵᠤ᠂ ᠱᠠᠯᠠᠪᠳᠠᠭᠤᠯᠤᠨ ᠰᠢᠢᠳᠪᠦᠷᠢᠯᠡᠭᠦᠯᠬᠦ᠂ ᠬᠤᠭᠤᠴᠠᠭ᠎ᠠ ᠲᠣᠭᠲᠠᠭᠠᠨ | ᠰᠢᠢᠳᠪᠦᠷᠢᠯᠡᠵᠦ ᠳᠠᠭᠤᠰᠬᠠᠬᠤ ᠶᠢ ᠴᠢᠩᠭᠠᠳᠬᠠᠨ᠂ ᠬᠡᠯᠡᠭᠰᠡᠨ ᠦᠭᠡᠨ ᠳᠡᠭᠡᠨ ᠰᠠᠭᠤᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ᠂ ᠬᠡᠷᠡᠭ ᠢ | ᠳᠠᠭᠤᠰᠬᠠᠵᠤ ᠤᠴᠢᠷ ᠶᠠᠪᠤᠳᠠᠯ ᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠰᠦᠨ ᠱᠤᠤ ᠴᠧᠩ᠂ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠳᠤ ᠬᠤᠯᠪᠣᠭᠳᠠᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ | ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠰᠠᠶᠢᠲᠤᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠲᠠᠢ ᠪᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠪᠣᠳᠠᠲᠠᠢ ᠠᠵᠢᠯ ᠤᠨ ᠳᠤᠮᠳᠠ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠨᠡᠩ | ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠯ ᠤᠨ ᠭᠤᠮᠣᠳᠠᠯ ᠲᠣᠭᠠᠴᠢᠯᠲᠠ ᠶᠢ ᠡᠬᠢ ᠡᠭᠦᠰᠦᠯ ᠠᠴᠠ ᠨᠢ ᠪᠠᠭᠠᠰᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠡᠮᠦᠨ᠎ᠡ ᠬᠤᠶᠢᠨᠠᠬᠢ ᠶᠢ ᠪᠣᠳᠣᠯᠬᠢᠯᠠᠵᠤ᠂ ᠨᠠᠷᠢᠨ ᠨᠢᠭᠲᠠ ᠪᠤᠳᠣᠵᠤ᠂ ᠵᠠᠬᠢᠳᠠᠯ | ᠰᠤᠷᠪᠤᠯᠵᠢᠯᠠᠯ ᠡᠭᠦᠰᠬᠡᠬᠦ ︽ᠠᠷᠬᠠᠭ︾ ᠦᠯᠡᠳᠡᠭᠡᠬᠦ ᠠᠴᠠ ᠰᠡᠷᠭᠡᠶᠢᠯᠡᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠳᠡᠭᠡᠨ ᠪᠦᠷᠢᠨ ᠭᠦᠢᠴᠡᠳ | ᠪᠣᠳᠣᠯᠬᠢᠯᠠᠵᠤ᠂ ᠠᠯᠤᠰ ᠭᠡᠳᠦ ᠳᠤ ᠬᠠᠨᠳᠤᠭᠤᠯᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠦᠷᠭᠦᠯᠵᠢᠯᠡᠬᠦ ᠶᠢ ᠪᠠᠲᠤᠯᠠᠬᠤ ᠬᠡᠷᠡᠭᠲᠡᠢ᠃ ᠠᠰᠠᠭᠤᠳᠠᠯ ᠢ | ᠬᠡᠳᠦᠢ ᠤᠳᠠᠭᠠᠰᠢᠷᠠᠭᠤᠯᠪᠠᠯ ᠰᠢᠢᠳᠪᠦᠷᠢᠯᠡᠬᠦ ᠥᠪᠡᠷ ᠤᠨ ᠥᠷᠲᠡᠭ ᠨᠢ ᠲᠡᠳᠦᠢ ᠶᠡᠭᠡ ᠪᠤᠯᠳᠠᠭ᠂ ᠠᠰᠠᠭᠤᠳᠠᠯ ᠪᠠᠶᠢᠪᠠᠯ ᠱᠠᠯᠠᠪᠳᠠᠨ ᠰᠢᠢᠳᠪᠦᠷᠢᠯᠡᠵᠦ᠂ ᠪᠠᠭ᠎ᠠ | ᠠᠰᠠᠭᠤᠳᠠᠯ ᠢ ᠤᠳᠠᠭᠠᠰᠢᠷᠠᠭᠤᠯᠤᠭᠠᠳ ᠶᠡᠭᠡ ᠠᠰᠠᠭᠤᠳᠠᠯ ᠪᠤᠯᠭᠠᠬᠤ ᠠᠴᠠ ᠵᠠᠶᠢᠯᠠᠰᠬᠢᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠢ ᠬᠠᠤᠯᠢ ᠪᠠᠷ ᠵᠠᠰᠠᠬᠤ ᠶᠢ | ᠲᠦᠷᠭᠡᠳᠬᠡᠨ ᠠᠬᠢᠭᠤᠯᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠳᠡᠰ ᠳᠠᠷᠠᠭᠠᠯᠠᠯ ᠤᠨ ᠵᠢᠷᠤᠮᠵᠢᠭᠤᠯᠤᠯ ᠢᠶᠠᠷ ︽ᠤᠴᠢᠷ ᠶᠠᠪᠤᠳᠠᠯ ᠢ ᠰᠢᠢᠳᠪᠦᠷᠢᠯᠡᠬᠦ︾ ᠶᠢ | ᠠᠬᠢᠭᠤᠯᠬᠤ ᠬᠡᠷᠡᠭᠲᠡᠢ᠃ ᠣᠳᠣ ᠪᠦᠭᠦ ᠣᠷᠣᠨ ᠳᠤ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠦᠭᠡᠳ ᠢᠳᠡᠪᠬᠢᠲᠡᠢ | ᠦᠷ᠎ᠡ ᠪᠦᠲᠦᠮᠵᠢ ᠣᠯᠪᠠ᠃ ᠣᠷᠣᠯᠠᠨ ᠭᠦᠢᠴᠡᠳᠬᠡᠬᠦ ᠳᠦᠷᠢᠮ ᠤᠨ ᠵᠠᠩᠭᠢᠯᠠᠭ᠎ᠠ ᠨᠢ ᠦᠨᠡᠨ ᠬᠦ ᠣᠷᠣᠯᠠᠨ ᠭᠦᠢᠴᠡᠳᠬᠡᠵᠦ᠂ ᠦᠨᠡᠨ ᠪᠣᠳᠠᠲᠠᠢ ᠪᠠᠷ ᠣᠯᠠᠨ | ᠲᠦᠮᠡᠨ ᠳᠤ ᠠᠵᠢᠯ ᠶᠠᠪᠤᠳᠠᠯ ᠭᠦᠢᠴᠡᠳᠬᠡᠵᠦ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠯᠠᠨ ᠭᠦᠢᠴᠡᠳᠬᠡᠬᠦ ᠠᠷᠭ᠎ᠠ ᠵᠠᠮ ᠢ ᠤᠯᠠᠮ ᠰᠢᠯᠤᠭᠤᠳᠬᠠᠵᠤ᠂ ᠣᠷᠣᠯᠠᠨ | ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠪᠤᠶ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠵᠦᠢ ᠵᠣᠬᠢᠰᠲᠠᠢ ᠬᠦᠰᠡᠯ | ᠱᠠᠭᠠᠷᠳᠠᠯᠭ᠎ᠠ ᠶᠢ ᠨᠢ ᠲᠤᠰᠬᠠᠵᠤ᠂ ᠣᠯᠠᠨ ᠲᠦᠮᠡᠨ ᠳᠤ ᠰᠡᠳᠬᠢᠴᠡ ᠶᠢᠨ ᠵᠢᠯᠣᠭᠤᠳᠤᠯᠭ᠎ᠠ ᠬᠢᠬᠦ ᠵᠡᠷᠭᠡ ᠠᠵᠢᠯ ᠢ ᠬᠦᠯᠢᠴᠡᠩᠭᠦᠢ ᠪᠠᠷ ᠰᠠᠶᠢᠲᠤᠷ ᠬᠢᠵᠦ᠂ ᠵᠥᠷᠢᠴᠡᠯ | ᠵᠠᠭᠤᠷᠠᠯᠳᠤᠭᠠᠨ ᠢ ᠰᠡᠷᠭᠡᠶᠢᠯᠡᠬᠦ ᠪᠠ ᠠᠷᠢᠯᠭᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠪᠡ᠃ ᠢᠦᠢ ᠯᠢ ᠰᠢᠨ ᠣᠷᠣᠯᠴᠠᠵᠠᠢ᠃ |