ᠸᠠᠩ ᠸᠠᠩ ᠱᠧᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠦ ᠬᠤᠲᠠ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠰᠦᠯᠵᠢᠶ᠎ᠡ︾ ᠶᠢᠨ ᠪᠠᠶᠢᠭᠤᠯᠤᠯᠲᠠ ᠶᠢ ᠠᠬᠢᠭᠤᠯᠬᠤ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/11/15
       11 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠰᠦᠯᠵᠢᠶ᠎ᠡ︾ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃  
2024-11-15-1.jpg
       ᠸᠠᠩ ᠸᠠᠩ ᠱᠧᠩ᠂ ᠬᠥᠯᠥᠨ ᠪᠤᠶᠢᠷ ᠤᠨ ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ᠂ ᠨᠡᠩ ᠴᠤ ᠰᠠᠶᠢᠲᠤᠷ ᠬᠠᠮᠠᠭᠠᠯᠠᠬᠤ ᠪᠠ ᠠᠷᠪᠢᠯᠠᠨ ᠠᠰᠢᠭᠯᠠᠬᠤ ᠬᠡᠷᠡᠭᠲᠡᠢ᠃ ︽ᠠᠮᠢ ᠠᠬᠤᠶ ᠶᠢᠨ ᠥᠪ ᠬᠥᠷᠥᠩᠭᠡ︾ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢᠨ ᠴᠡᠭ ᠳᠡᠭᠡᠷᠡᠬᠢ ᠸᠧᠺᠲ᠋ᠣᠷ ᠵᠢᠷᠤᠭ᠂ ᠬᠢᠨᠠᠨ ᠡᠵᠡᠮᠳᠡᠬᠦ ᠲᠤᠤᠷ ᠢ ᠪᠦᠷᠢᠯᠳᠦᠭᠦᠯᠬᠦ ᠪᠣᠯ ᠠᠯᠤᠰ ᠬᠡᠲᠦ ᠳᠤ ᠠᠰᠢᠭᠲᠠᠶ ᠰᠠᠭᠤᠷᠢᠯᠠᠬᠤ ᠠᠵᠢᠯ ᠮᠥᠨ᠃ ᠠᠵᠢᠯ ᠤᠨ ᠲᠥᠰᠦᠯ ᠢᠶᠠᠨ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ᠂ ᠡᠯ᠎ᠡ ᠬᠤᠰᠢᠭᠤ ᠬᠤᠲᠠ ᠲᠣᠭᠤᠷᠢᠭ᠂ ᠣᠶ ᠰᠢᠭᠤᠶ ᠶᠢᠨ ᠵᠢᠷᠭᠤᠳᠤᠭᠠᠷ ᠲᠣᠪᠴᠢᠶ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠶᠡᠷᠦᠩᠬᠡᠶᠢᠯᠡᠭᠰᠡᠨ ᠵᠢᠯᠣᠭᠤᠳᠬᠤ ᠲᠠᠪᠴᠠᠩ ᠤᠨ ᠲᠥᠷᠥᠯ ᠵᠦᠢᠯ ᠢ ᠲᠦᠷᠭᠡᠳᠬᠡᠨ ᠲᠥᠯᠥᠪᠵᠢᠭᠦᠯᠦᠨ ᠬᠡᠷᠡᠭᠵᠢᠭᠦᠯᠵᠦ᠂ ᠲᠠᠪᠴᠠᠩ ᠢ ᠬᠡᠷᠬᠢᠨ ᠪᠠᠶᠢᠭᠤᠯᠬᠤ ᠵᠢᠴᠢ ᠪᠠᠶᠢᠭᠤᠯᠤᠭᠰᠠᠨ ᠤ ᠳᠠᠷᠠᠭ᠎ᠠ ᠬᠡᠨ ᠬᠠᠮᠢᠶᠠᠷᠬᠤ᠂ ᠬᠡᠨ ᠬᠡᠷᠡᠭᠯᠡᠬᠦ᠂ ᠬᠡᠷᠬᠢᠨ ᠬᠠᠮᠠᠭᠠᠯᠠᠬᠤ ᠶᠢ ᠲᠣᠳᠣᠷᠬᠠᠶ ᠪᠣᠳᠣᠯᠬᠢᠯᠠᠵᠤ᠂ ᠡᠯ᠎ᠡ ᠲᠠᠯ᠎ᠠ ᠶᠢᠨ ᠬᠦᠴᠦᠨ ᠵᠦᠢᠯ ᠢ ᠠᠯᠢ ᠴᠢᠳᠠᠬᠤ ᠪᠠᠷ ᠪᠦᠷᠢᠨ ᠭᠦᠢᠴᠡᠳ ᠪᠣᠳᠣᠯᠬᠢᠯᠠᠬᠤ ᠬᠡᠷᠡᠭᠲᠡᠶ᠃ ᠲᠠᠷᠠᠬᠠᠶ ᠪᠤᠲᠠᠷᠬᠠᠶ ᠪᠠᠶᠢᠭ᠎ᠠ ᠲᠤᠭ᠎ᠠ ᠪᠠᠷᠢᠮᠲᠠ ᠶᠢᠨ ᠰᠠᠭᠤᠷᠢ ᠲᠤᠭ᠎ᠠ ᠪᠠᠷᠢᠮᠲᠠ ᠪᠣᠯᠤᠨ ᠬᠢᠨᠠᠨ ᠡᠵᠡᠮᠳᠡᠬᠦ ᠲᠠᠪᠴᠠᠩ ᠢ ᠨᠡᠶᠢᠳᠬᠡᠨ ᠬᠤᠯᠪᠣᠵᠤ᠂ ᠡᠯ᠎ᠡ ᠲᠥᠷᠥᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠭᠦᠢᠴᠡᠳ ᠬᠠᠮᠲᠤ ᠪᠠᠷ ᠡᠳ᠋ᠯᠡᠬᠦ ᠪᠠ ᠥᠨᠳᠥᠷ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ᠂ ᠣᠷᠣᠨ ᠪᠦᠰᠡ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠲᠣᠭᠲᠠᠴᠠ ᠶᠢ ᠪᠦᠷᠢᠯᠳᠦᠭᠦᠯᠵᠦ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃       ᠸᠠᠩ ᠸᠠᠩ ᠱᠧᠩ᠂ ᠪᠦᠬᠦ ᠬᠤᠳᠠ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾᠂ ︽ᠨᠢᠭᠡ ᠰᠦᠯᠵᠢᠶ᠎ᠡ︾ ᠶᠢ ᠪᠠᠶᠢᠭᠤᠯᠬᠤ ᠨᠢ ᠲᠠᠩ ᠭᠠᠭᠴᠠ ᠰᠠᠯᠠᠭ᠎ᠠ ᠮᠥᠴᠢᠷ ᠤᠨ ᠠᠵᠢᠯ ᠪᠢᠰᠢ ᠶᠤᠮ᠂ ᠪᠦᠬᠦ ᠬᠤᠳᠠ ᠶᠢᠨ ᠡᠬᠢ ᠪᠠᠶᠠᠯᠢᠭ ᠤᠨ ᠬᠦᠴᠦᠨ ᠢ ᠲᠠᠶᠢᠴᠢᠯᠠᠵᠤ᠂ ᠤᠯᠠᠨ ᠳᠤ ᠡᠨᠡ ᠬᠦ ᠠᠵᠢᠯ ᠤᠨ ᠴᠢᠬᠤᠯᠠ ᠴᠢᠨᠠᠷ ᠢ ᠲᠠᠨᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠬᠠᠮᠵᠢᠯᠴᠠᠭᠤᠯᠬᠤ ᠬᠡᠷᠡᠭᠲᠡᠢ᠃ ᠠᠳᠠᠯᠢᠬᠠᠨ ᠶᠠᠪᠤᠳᠠᠯ ᠢ ᠤᠯᠠᠨ ᠲᠠᠯ᠎ᠠ ᠠᠴᠠ ᠳᠠᠬᠢᠨ ᠳᠠᠪᠲᠠᠨ ᠬᠢᠵᠦ ᠪᠣᠯᠬᠤ ᠦᠭᠡᠢ᠂ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃       ᠸᠠᠩ ᠸᠠᠩ ᠱᠧᠩ ᠱᠧᠩ ᠪᠠᠰᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠰᠠᠶᠢᠲᠤᠷ ᠠᠳᠬᠤᠬᠤ ᠴᠢᠬᠤᠯᠠᠲᠠᠶ ᠠᠵᠢᠯ ᠡᠭᠦᠷᠭᠡ ᠳᠤ ᠴᠢᠭᠯᠡᠭᠦᠯᠦᠨ ᠪᠣᠳᠠᠲᠠᠶ ᠱᠠᠭᠠᠷᠳᠠᠯᠭ᠎ᠠ ᠳᠤᠷᠠᠳᠴᠠᠶ᠃ ᠲᠡᠷᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠡᠭᠦᠷᠭᠡ ᠴᠢᠳᠠᠪᠬᠢ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠯᠥᠨ ᠨᠠᠭᠤᠷ ᠤᠨ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ᠂ ᠠᠰᠢᠭᠯᠠᠯᠲᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠰᠢᠰᠲ᠋ᠧᠮ ᠢ ᠳᠠᠬᠢᠨ ᠴᠣᠭᠴᠠᠯᠠᠬᠤ ᠶᠢ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ ᠪᠣᠯᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠪᠣᠯᠤᠨ ᠣᠶ ᠮᠣᠳᠣ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠣᠨᠣᠴᠠᠲᠠᠶ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠬᠥᠯᠥᠨ ᠪᠤᠶᠢᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ