ᠣᠶᠤᠲᠠᠳ ᠤᠨ ᠭᠦᠳᠡᠯᠮᠦᠷᠢ ᠶᠢᠨ ᠬᠥᠮᠦᠵᠢᠯ ᠤᠨ ᠡᠴᠦᠰ ᠤᠨ ᠵᠣᠷᠢᠯᠭ᠎ᠠ ᠪᠣᠯ ᠦᠢᠯᠡᠳᠦᠯᠭᠡ ᠶᠢᠨ ᠳᠤᠮᠳᠠ ᠭᠦᠳᠡᠯᠮᠤᠷᠢ ᠶᠢᠨ ᠵᠣᠷᠢᠭ ᠰᠠᠨᠠᠭ᠎ᠠ ᠶᠢ | ᠳᠡᠭᠡᠳᠦᠯᠡᠭᠰᠡᠨ᠂ ᠭᠦᠳᠡᠯᠮᠤᠷᠢ ᠳᠤ ᠬᠠᠶᠢᠷᠠᠲᠠᠢ᠂ ᠨᠡᠶᠢᠭᠡᠮ ᠳᠤ ᠬᠠᠷᠢᠭᠤᠴᠠᠯᠭ᠎ᠠ ᠲᠠᠢ ᠬᠥᠮᠥᠰ ᠢ ᠬᠥᠮᠥᠵᠢᠭᠦᠯᠬᠦ ᠶᠢᠨ ᠲᠥᠯᠥᠭᠡ ᠶᠤᠮ᠃ ᠡᠶᠢᠮᠦ ᠠᠴᠠ ᠮᠠᠨ ᠤ | ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ︽ᠰᠢᠨ᠎ᠡ ᠴᠠᠭ ᠦᠶ᠎ᠡ ᠶᠢᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠭᠦᠳᠡᠯᠮᠤᠷᠢ ᠶᠢᠨ ᠬᠥᠮᠦᠵᠢᠯ ᠢ ᠪᠦᠭᠦ | ᠲᠠᠯ᠎ᠠ ᠪᠠᠷ ᠴᠢᠩᠭᠠᠳᠬᠠᠬᠤ ᠰᠠᠨᠠᠯ︾ ᠶᠣᠰᠣᠭᠠᠷ᠂ ᠭᠦᠳᠡᠯᠮᠦᠷᠢ ᠶᠢᠨ ᠬᠥᠮᠦᠵᠢᠯ ᠤᠨ ᠵᠠᠪᠠᠯ ᠰᠤᠷᠬᠤ ᠬᠢᠴᠢᠶᠡᠯ ᠨᠡᠭᠡᠭᠡᠵᠦ᠂ ᠬᠢᠴᠢᠶᠡᠯ ᠲᠦᠷᠦᠯ ᠢ ᠲᠣᠬᠢᠷᠠᠭᠤᠯᠬᠤ᠂ | ᠦᠢᠯᠡᠳᠦᠯᠭᠡ ᠶᠢᠨ ᠲᠠᠪᠴᠠᠩ ᠢ ᠲᠡᠭᠦᠯᠳᠡᠷᠵᠢᠭᠦᠯᠬᠦ᠂ ᠪᠠᠭᠰᠢ ᠶᠢᠨ ᠡᠩᠨᠡᠭᠡ ᠪᠠᠨ ᠰᠠᠶᠢᠵᠢᠷᠠᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠣᠶᠤᠲᠠᠳ ᠤᠨ | ᠭᠦᠳᠡᠯᠮᠦᠷᠢ ᠶᠢᠨ ᠬᠥᠮᠦᠵᠢᠯ ᠢ ᠴᠢᠩᠭᠠᠳᠬᠠᠵᠤ ᠪᠠᠶᠢᠭ᠎ᠠ ᠨᠢ ᠪᠠᠶᠠᠷᠯᠠᠭᠤᠰᠢᠲᠠᠢ᠃ | ᠶᠡᠭᠡ ᠳᠡᠭᠡᠳᠦ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠨᠢ ᠣᠶᠤᠲᠠᠳ ᠲᠤ ᠰᠢᠨ᠎ᠡ ᠴᠠᠭ ᠦᠶ᠎ᠡ ᠶᠢᠨ ᠭᠦᠳᠡᠯᠮᠤᠷᠢ ᠶᠢᠨ ᠵᠣᠷᠢᠭ ᠰᠠᠨᠠᠭ᠎ᠠ ᠶᠢ | ᠣᠶᠢᠯᠠᠭᠠᠭᠤᠯᠬᠤ᠂ ᠭᠦᠳᠡᠯᠮᠤᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠤᠯᠴᠠᠬᠤ᠂ ᠠᠵᠢᠯ ᠮᠡᠷᠭᠡᠵᠢᠯ | ᠤᠨ ᠶᠣᠰᠣ ᠰᠤᠷᠲᠠᠬᠤᠨ ᠢ ᠪᠠᠷᠢᠮᠲᠠᠯᠠᠬᠤ᠂ ᠭᠦᠳᠡᠯᠮᠤᠷᠢ ᠶᠢᠨ ᠠᠮᠤᠷ ᠲᠦᠪᠰᠢᠨ ᠢ ᠪᠠᠲᠤᠯᠠᠬᠤ ᠮᠡᠲᠦᠶᠢᠨ ᠲᠤᠰᠬᠠᠢ ᠰᠡᠳᠦᠪᠲᠦ ᠭᠦᠳᠡᠯᠮᠤᠷᠢ ᠶᠢᠨ ᠤᠨᠤᠯ ᠤᠨ ᠵᠢᠭᠠᠨ | ᠰᠤᠷᠭᠠᠯᠲᠠ ᠶᠢᠨ ᠰᠠᠭᠤᠷᠢᠨ ᠳᠡᠭᠡᠷ᠎ᠡ ᠲᠤᠰᠬᠠᠢ ᠮᠡᠷᠭᠡᠵᠢᠯ ᠤᠨ ᠣᠨᠴᠠᠯᠢᠭ ᠲᠤᠨᠢ ᠲᠣᠬᠢᠷᠠᠭᠤᠯᠵᠤ ᠭᠦᠳᠡᠯᠮᠤᠷᠢ ᠦᠢᠯᠡᠳᠦᠯᠭᠡ ᠳᠤ ᠣᠷᠣᠯᠴᠠᠭᠤᠯᠪᠠᠯ ᠵᠣᠬᠢᠨ᠎ᠠ᠃ | ᠵᠢᠱᠢᠶᠡᠯᠡᠪᠡᠯ᠂ ᠣᠷᠴᠢᠮ ᠤᠨ ᠵᠢᠯ ᠤᠳ ᠲᠤ ᠦᠵᠡᠯ ᠰᠠᠨᠠᠭ᠎ᠠ ᠤᠯᠤᠰ ᠲᠦᠷᠤ ᠶᠢᠨ ᠲᠤᠰᠬᠠᠢ ᠮᠡᠷᠭᠡᠵᠢᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠲᠤᠰᠬᠠᠢ | ᠮᠡᠷᠭᠡᠵᠢᠯ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠡᠷᠭᠡ ᠲᠤᠰᠬᠠᠢ ᠮᠡᠷᠭᠡᠵᠢᠯ ᠤᠨ ᠰᠤᠷᠤᠬᠴᠢᠳ ᠰᠤᠷᠭᠠᠨ ᠬᠥᠮᠦᠵᠢᠯ ᠢ ᠳᠡᠮᠵᠢᠵᠦ ᠦᠨᠳᠦᠰᠦᠨ ᠱᠠᠲᠤᠨ ᠤ | ᠰᠤᠷᠭᠠᠭᠤᠯᠢ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠪᠠᠭᠰᠢ ᠨᠠᠷ ᠲᠠᠢ ᠬᠠᠮᠲᠤ ᠪᠠᠷ ᠠᠵᠢᠯᠯᠠᠵᠤ᠂ ᠬᠢᠴᠢᠶᠡᠯ ᠪᠡᠯᠡᠳᠬᠡᠬᠦ ᠪᠠ ᠵᠢᠭᠠᠬᠤ᠂ ᠵᠢᠭᠠᠨ ᠰᠤᠷᠭᠠᠯᠲᠠ | ᠶᠢᠨ ᠰᠤᠳᠤᠯᠤᠨ ᠶᠠᠷᠢᠯᠴᠠᠬᠤ᠂ ᠠᠩᠭᠢ ᠶᠢᠨ ᠡᠷᠭᠢᠯᠡᠭᠴᠢ ᠶᠢᠨ ᠠᠵᠢᠯ ᠵᠡᠷᠭᠡ ᠳᠤ ᠰᠢᠭᠤᠳ ᠤᠷᠤᠯᠴᠠᠵᠤ ᠪᠠᠶᠢᠳᠠᠭ᠃ ᠡᠨᠡ ᠨᠢ ᠣᠶᠤᠲᠠᠳ ᠤᠨ ᠭᠦᠳᠡᠯᠮᠦᠷᠢ | ᠦᠢᠯᠡᠳᠦᠯᠭᠡ ᠪᠠᠷ ᠳᠠᠮᠵᠢᠨ ᠪᠠᠭᠰᠢ ᠶᠢᠨ ᠮᠡᠷᠭᠡᠵᠢᠯ ᠢ ᠤᠯᠠᠮ ᠪᠠᠲᠤ ᠡᠵᠡᠮᠰᠢᠵᠦ᠂ ᠪᠠᠭᠰᠢ ᠬᠥᠮᠥᠨ ᠤ ᠶᠣᠰᠣ ᠰᠤᠷᠲᠠᠬᠤᠨ᠂ ᠬᠠᠷᠢᠭᠤᠴᠠᠯᠭᠠᠲᠤ ᠰᠡᠳᠬᠢᠯᠭᠡ ᠶᠢ ᠨᠡᠩ | ᠢᠯᠡᠭᠦᠦ ᠣᠶᠢᠯᠠᠭᠠᠨ ᠮᠡᠳᠡᠷᠡᠬᠦ ᠶᠢ ᠠᠬᠢᠭᠤᠯᠵᠤ ᠴᠢᠳᠠᠨ᠎ᠠ᠃ | ᠶᠡᠭᠡ ᠳᠡᠭᠡᠳᠦ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠨᠢ ᠵᠢᠵᠢᠭ ᠰᠠᠵᠢᠭ ᠵᠦᠢᠯᠡᠰ ᠢ ᠣᠮᠲᠣᠭᠠᠶᠢᠯᠠᠵᠤ ᠪᠤᠯᠬᠤ ᠦᠭᠡᠢ᠃ ᠭᠦᠭᠡᠬᠤᠳᠠ | ᠦᠨᠳᠦᠰᠦᠲᠡᠨ ᠤ ᠳᠡᠭᠡᠳᠦ ᠰᠤᠷᠭᠠᠭᠤᠯᠢ ᠪᠠᠷ ᠵᠢᠱᠢᠶᠡᠯᠡᠬᠦ ᠳᠤ᠂ ᠪᠦᠭᠦ ᠰᠤᠷᠭᠠᠭᠤᠯᠢ ᠶᠢᠨ ᠬᠡᠪᠴᠢᠶᠡᠨ ᠳᠤ ᠭᠦᠳᠡᠯᠮᠤᠷᠢ ᠶᠢᠨ ᠬᠥᠮᠦᠵᠢᠯ ᠤᠨ ᠬᠢᠴᠢᠶᠡᠯ ᠨᠡᠭᠡᠭᠡᠵᠦ᠂ | ᠵᠢᠭᠠᠨ ᠰᠤᠷᠭᠠᠯᠲᠠ ᠶᠢᠨ ᠶᠠᠪᠤᠴᠠ ᠳᠤ ᠲᠤᠰᠬᠠᠢ ᠮᠡᠷᠭᠡᠵᠢᠯ ᠪᠠ ᠡᠯ᠎ᠡ ᠲᠦᠷᠤᠯ ᠤᠨ ᠰᠢᠨᠵᠢᠯᠡᠭᠡᠨ ᠢ ᠳᠡᠭᠡᠳᠦ ᠬᠡᠮᠵᠢᠶ᠎ᠡ ᠪᠠᠷ ᠤᠶᠠᠯᠳᠤᠭᠤᠯᠬᠤ᠂ ᠤᠨᠤᠯ ᠪᠠ | ᠦᠢᠯᠡᠳᠦᠯᠭᠡ ᠶᠢ ᠤᠶᠠᠯᠳᠤᠭᠤᠯᠬᠤ ᠵᠡᠷᠭᠡ ᠤᠯᠠᠨ ᠵᠦᠢᠯ ᠤᠨ ᠭᠡᠯᠪᠡᠷᠢ ᠪᠠᠷ ᠭᠦᠳᠡᠯᠮᠤᠷᠢ ᠶᠢᠨ ᠬᠥᠮᠦᠵᠢᠯ ᠢ ᠶᠠᠪᠤᠭᠳᠠᠭᠤᠯᠵᠤ ᠪᠠᠶᠢᠳᠠᠭ᠃ ᠬᠢᠴᠢᠶᠡᠯᠯᠡᠬᠦ ᠳᠤᠮᠳᠠ ᠪᠠᠨ | ᠪᠠᠰᠠ ᠣᠶᠤᠲᠠᠳ ᠤᠨ ᠰᠤᠷᠭᠠᠭᠤᠯᠢ ᠶᠢᠨ ᠠᠮᠢᠳᠤᠷᠠᠯ ᠲᠠᠢ ᠰᠢᠭᠤᠳ ᠬᠤᠯᠪᠣᠭᠳᠠᠬᠤ ᠵᠦᠢᠯ ᠠᠴᠠ ᠭᠠᠷᠳᠠᠵᠤ᠂ ᠵᠢᠱᠢᠶᠡᠯᠡᠪᠡᠯ᠂ ᠦᠷᠤᠭᠡ ᠪᠠᠶᠢᠷᠢ ᠪᠠᠨ ᠲᠣᠬᠢᠯᠢᠭ | ᠪᠠᠶᠢᠯᠭᠠᠬᠤ᠂ ᠬᠤᠭᠤᠯᠠᠨ ᠭᠡᠷ᠂ ᠠᠩᠭᠢ ᠶᠢᠨ ᠭᠡᠷ᠂ ᠨᠣᠮ ᠤᠨ ᠰᠠᠩ ᠢ ᠠᠷᠢᠭᠤᠨ ᠴᠡᠪᠡᠷ ᠪᠠᠶᠢᠯᠭᠠᠬᠤ ᠵᠡᠷᠭᠡ ᠵᠢᠵᠢᠭ ᠰᠠᠵᠢᠭ ᠵᠦᠢᠯᠡᠰ ᠢᠶᠠᠷ ᠰᠤᠷᠤᠬᠴᠢ ᠪᠦᠭᠦᠨ ᠢ | ᠭᠦᠳᠡᠯᠮᠤᠷᠢ ᠳᠤ ᠣᠷᠣᠯᠴᠠᠭᠤᠯᠵᠤ᠂ ᠬᠥᠳᠡᠯᠮᠦᠷᠢᠯᠡᠵᠦ ᠴᠢᠳᠠᠬᠤ᠂ ᠬᠥᠳᠡᠯᠮᠦᠷᠢᠯᠡᠬᠦ ᠳᠤᠷᠠᠲᠠᠢ᠂ ᠭᠦᠳᠡᠯᠮᠤᠷᠢ ᠶᠢ ᠳᠡᠭᠡᠳᠦᠯᠡᠭᠰᠡᠨ ᠬᠥᠮᠥᠨ ᠢ ᠬᠥᠮᠥᠵᠢᠭᠦᠯᠬᠦ ᠪᠠᠷ | ᠴᠢᠷᠮᠠᠶᠢᠵᠤ ᠪᠠᠶᠢᠳᠠᠭ᠃ | ᠶᠡᠭᠡ ᠳᠡᠭᠡᠳᠦ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠨᠢ ᠣᠶᠤᠲᠠᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠴᠢᠳᠠᠪᠤᠷᠢ ᠶᠢ ᠨᠢ | ᠬᠥᠮᠥᠵᠢᠭᠦᠯᠬᠦ ᠪᠠᠷ ᠴᠢᠷᠮᠠᠶᠢᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠨᠤᠭᠤᠳ ᠣᠶᠤᠲᠠᠳ ᠤᠨ ᠲᠤᠰᠬᠠᠢ ᠮᠡᠷᠭᠡᠵᠢᠯ ᠳᠤ ᠰᠠᠭᠤᠷᠢᠯᠠᠭᠰᠠᠨ ᠳᠠᠳᠤᠯᠭ᠎ᠠ | ᠪᠣᠯᠪᠠᠰᠤᠷᠠᠯ ᠤᠨ ᠦᠢᠯᠡᠳᠦᠯᠭᠡ ᠶᠢᠨ ᠲᠠᠪᠴᠠᠩ ᠢ ᠢᠯᠡᠭᠦᠬᠡᠨ ᠬᠠᠩᠭᠠᠵᠤ ᠥᠭᠬᠦ ᠨᠢ ᠴᠢᠬᠤᠯᠠ᠃ ᠵᠢᠱᠢᠶᠡᠯᠡᠪᠡᠯ᠂ ᠣᠶᠤᠲᠠᠳ ᠤᠮᠠᠷᠠᠲᠤ ᠬᠢᠯᠢ ᠶᠢᠨ ᠰᠣᠶᠣᠯ ᠤᠨ | ᠴᠢᠬᠤᠯᠠ ᠠᠭᠤᠯᠭ᠎ᠠ ᠪᠦᠬᠦᠢ ᠮᠠᠯ ᠠᠵᠤ ᠠᠬᠤᠢ᠂ ᠮᠠᠯᠵᠢᠬᠤ ᠰᠣᠶᠣᠯ ᠤᠨ ᠤᠯᠠᠷᠢᠯ ᠬᠤᠪᠢᠰᠤᠯ ᠤᠨ ᠲᠤᠬᠠᠢ ᠬᠡᠭᠡᠷ᠎ᠡ ᠶᠢᠨ ᠪᠠᠶᠢᠴᠠᠭᠠᠯᠲᠠ ᠬᠢᠬᠦ ᠳᠤ ᠵᠠᠪᠠᠯ ᠮᠠᠯᠵᠢᠬᠤ | ᠠᠮᠢᠳᠤᠷᠠᠯ ᠳᠤ ᠭᠦᠨᠵᠡᠭᠡᠶᠢᠷᠡᠮᠡᠨᠵᠢᠨ ᠰᠠᠶ᠋ᠢ ᠮᠠᠯᠴᠢᠳ ᠤᠨ ᠮᠠᠯ ᠢᠶᠠᠨ ᠬᠡᠷᠬᠢᠨ ᠠᠷᠠᠴᠢᠯᠠᠵᠤ ᠲᠡᠵᠢᠭᠡᠵᠦ ᠪᠠᠶᠢᠬᠤ᠂ ᠰᠦ ᠰᠠᠭᠠᠯᠢ ᠪᠠᠨ ᠬᠡᠷᠬᠢᠨ ᠡᠳ᠋ᠰᠢᠭᠦᠯᠵᠦ | ᠪᠤᠯᠪᠠᠰᠤᠷᠠᠭᠤᠯᠵᠤ ᠪᠠᠶᠢᠬᠤ ᠲᠤᠬᠠᠢ ᠣᠶᠢᠯᠠᠭᠠᠵᠤ ᠴᠢᠳᠠᠬᠤ ᠪᠥᠭᠡᠳ ᠡᠭᠦᠨ ᠤ ᠤᠯᠠᠮ ᠠᠴᠠ ᠮᠠᠯᠴᠢᠳ ᠤᠨ ᠤᠩᠭᠤᠨ ᠪᠠᠶᠢᠭᠠᠯᠢ ᠪᠠᠨ ᠬᠠᠶᠢᠷᠠᠯᠠᠬᠤ᠂ ᠠᠵᠢᠯᠴᠢ | ᠪᠣᠷᠣᠭᠵᠢᠭᠤᠨ ᠵᠠᠩ ᠠᠷᠠᠨᠰᠢᠨ ᠢ ᠣᠶᠢᠯᠠᠭᠠᠵᠤ ᠴᠢᠳᠠᠨ᠎ᠠ᠃ ᠢᠩᠭᠢᠮᠡᠨᠵᠢᠨ ᠣᠶᠤᠲᠠᠳ ᠰᠠᠶ᠋ᠢ ᠤᠶᠤᠨ ᠤ ᠭᠦᠳᠡᠯᠮᠤᠷᠢ ᠪᠠ ᠪᠡᠶ᠎ᠡ ᠶᠢᠨ ᠭᠦᠳᠡᠯᠮᠤᠷᠢ ᠶᠢ ᠬᠢᠴᠢᠶᠡᠯ | ᠬᠥᠮᠦᠵᠢᠯ ᠤᠨ ᠪᠦᠭᠦ ᠶᠠᠪᠤᠴᠠ ᠳᠤ ᠠᠭᠤᠰᠬᠠᠵᠤ᠂ ᠭᠦᠳᠡᠯᠮᠤᠷᠢ ᠶᠢᠨ ᠵᠣᠷᠢᠭ ᠰᠠᠨᠠᠭ᠎ᠠ ᠶᠢ ᠣᠶᠢᠯᠠᠭᠠᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠪᠣᠳᠠᠲᠤ | ᠴᠢᠳᠠᠪᠤᠷᠢ ᠲᠠᠢ ᠪᠣᠯᠵᠤ᠂ ᠨᠡᠶᠢᠭᠡᠮ ᠠᠵᠤ ᠠᠬᠤᠢ ᠶᠢᠨ ᠬᠥᠭᠵᠢᠯᠲᠡ ᠲᠠᠪᠰᠢᠯᠳᠠ ᠳᠤ ᠬᠦᠴᠦᠨ ᠵᠢᠳᠬᠦᠯ ᠨᠡᠮᠡᠷᠢᠯᠡᠵᠦ ᠴᠢᠳᠠᠨ᠎ᠠ᠃ ᠭᠦᠳᠡᠯᠮᠦᠷᠢ ᠥᠩᠭᠡ ᠭᠡᠷᠡᠯᠲᠡᠢ᠂ | ᠬᠥᠳᠡᠯᠮᠦᠷᠢᠴᠢᠨ ᠠᠭᠤᠤ ᠶᠡᠭᠡ᠃ ᠵᠠᠯᠠᠭᠤ ᠽᠠᠨᠳᠠᠨ ᠨᠠᠰᠤᠨ ᠤ ᠣᠶᠤᠲᠠᠨ ᠨᠥᠬᠦᠳ ᠮᠠᠨᠢ ᠰᠤᠷᠭᠠᠭᠤᠯᠢ ᠶᠢᠨ ᠢᠶᠠᠨ ᠭᠦᠳᠡᠯᠮᠦᠷᠢ ᠶᠢᠨ ᠬᠥᠮᠦᠵᠢᠯ ᠳᠤ ᠢᠳᠡᠪᠬᠢᠲᠡᠢ | ᠤᠷᠤᠯᠴᠠᠵᠤ᠂ ᠰᠤᠷᠪᠠᠰᠤ ᠵᠣᠬᠢᠬᠤ᠂ ᠴᠢᠳᠠᠪᠠᠰᠤ ᠵᠣᠬᠢᠬᠤ ᠵᠦᠢᠯᠡᠰ ᠢ ᠵᠠᠪᠳᠤᠨ ᠡᠵᠡᠮᠰᠢᠪᠡᠯ ᠬᠤᠶᠢᠰᠢᠳᠠ ᠶᠢᠨ ᠠᠵᠢᠯ ᠦᠢᠯᠡᠰ ᠴᠢᠨᠢ ᠨᠡᠩ ᠤᠷᠤᠭᠰᠢᠲᠠᠢ | ᠪᠤᠯᠬᠤ ᠨᠢ ᠳᠠᠮᠵᠢᠭ ᠦᠭᠡᠢ᠃ | |