ᠮᠣᠷᠢᠨ ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠬᠤ ᠶᠢᠨ ᠲᠥᠯᠥᠭᠡ᠂ ᠲᠦᠷᠦᠭᠦᠬᠡᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠯᠢᠨ ᠶᠢᠨ ᠵᠠᠮ ᠤᠨ ᠳᠣᠯᠣᠳᠤᠭᠠᠷ ᠪᠠᠭ᠎ᠠ ᠰᠤᠷᠭᠠᠭᠤᠯᠢ ᠬᠤᠶᠠᠷ | ᠬᠤᠭᠤᠴᠠᠭᠠᠨ ᠤ ︽ᠮᠣᠷᠢᠨ ᠮᠡᠷᠭᠡᠵᠢᠯ︾ ᠤᠨ ᠭᠤᠣᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠮᠣᠷᠢᠨ ᠮᠡᠷᠭᠡᠵᠢᠯ ᠤᠨ | ᠺᠯᠦ᠋ᠪ ᠤᠨ ᠳᠠᠰᠬᠠᠯᠵᠢᠭᠤᠯᠤᠭᠴᠢ ᠶᠢ ᠤᠷᠢᠵᠤ ᠰᠤᠷᠤᠬᠴᠢᠳ ᠲᠤ ᠮᠣᠷᠢᠨ ᠮᠡᠷᠭᠡᠵᠢᠯ ᠤᠨ ᠬᠥᠳᠡᠯᠭᠡᠭᠡᠨ ᠤ ᠦᠨᠳᠦᠰᠦᠨ ᠮᠡᠳᠡᠯᠭᠡ ᠶᠢ ᠲᠦᠭᠡᠮᠡᠯᠵᠢᠭᠦᠯᠪᠡ᠃ | ᠬᠢᠴᠢᠶᠡᠯ ᠳᠡᠭᠡᠷ᠎ᠡ᠂ ᠮᠣᠷᠢᠨ ᠮᠡᠷᠭᠡᠵᠢᠯ ᠤᠨ ᠳᠠᠰᠬᠠᠯᠵᠢᠭᠤᠯᠤᠭᠴᠢ ᠠᠴᠠ ᠰᠤᠷᠤᠬᠴᠢᠳ ᠲᠤ ᠳᠤᠮᠳᠠᠳᠤ ᠤᠯᠤᠰ ᠤᠨ ᠮᠣᠷᠢᠨ ᠰᠣᠶᠣᠯ ᠵᠢᠴᠢ ᠤᠳᠤ | ᠦᠶ᠎ᠡ ᠶᠢᠨ ᠮᠣᠷᠢᠨ ᠮᠡᠷᠭᠡᠵᠢᠯ ᠤᠨ ᠬᠥᠳᠡᠯᠭᠡᠭᠡᠨ ᠢ ᠲᠠᠨᠢᠯᠴᠠᠭᠤᠯᠪᠠ᠃ ᠬᠢᠴᠢᠶᠡᠯ ᠳᠡᠭᠡᠷ᠎ᠡ ᠪᠠᠰᠠ ᠮᠣᠷᠢᠨ ᠤ ᠰᠡᠳᠦᠪᠲᠦ ᠺᠢᠨᠣ᠋ ᠶᠢ ᠨᠠᠪᠲᠠᠷᠡᠭᠦᠯᠵᠦ᠂ ᠮᠣᠩᠭᠤᠯ | ᠮᠣᠷᠢᠨ ᠤ ︽ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ︾ ᠵᠣᠷᠢᠭ ᠰᠠᠨᠠᠭ᠎ᠠ ᠶᠢ ᠲᠠᠶᠢᠯᠪᠤᠷᠢᠯᠠᠨ ᠥᠭᠴᠡᠢ᠂ ᠰᠤᠷᠤᠬᠴᠢᠳ ᠨᠠᠷᠢᠨ ᠬᠢᠨᠠᠮᠠᠭᠠᠢ | ᠰᠣᠨᠣᠰᠴᠤ᠂ ᠠᠮᠢᠳᠤᠯᠢᠭ ᠪᠠᠶᠠᠯᠢᠭ ᠠᠭᠤᠯᠭ᠎ᠠ ᠨᠢ ᠬᠡᠦᠬᠡᠳ ᠤᠳ ᠤᠨ ᠰᠣᠨᠢᠭᠤᠴᠢ ᠰᠡᠳᠬᠢᠯ ᠪᠠ ᠮᠣᠷᠢᠨ ᠮᠡᠷᠭᠡᠵᠢᠯ ᠤᠨ ᠳᠤᠷ᠎ᠠ ᠰᠣᠨᠢᠷᠬᠠᠯ ᠢ ᠲᠦᠢᠯ ᠤᠨ ᠶᠡᠭᠡ ᠪᠠᠷ | ᠬᠥᠭᠵᠢᠭᠡᠪᠡ᠃ | ᠲᠣᠰ ᠤᠳᠠᠭᠠᠨ ᠤ ᠠᠵᠢᠯᠯᠠᠭ᠎ᠠ ᠨᠢ ᠰᠤᠷᠤᠬᠴᠢᠳ ᠢ ᠮᠣᠷᠢᠨ ᠮᠡᠷᠭᠡᠵᠢᠯ ᠤᠨ ᠲᠤᠬᠠᠢ ᠨᠠᠩ ᠰᠢᠭᠤᠳ ᠲᠠᠨᠢᠯᠲᠠ ᠲᠠᠢ ᠨᠠᠩ ᠭᠦᠨᠵᠡᠭᠡᠢ ᠣᠶᠢᠯᠠᠭᠠᠯᠲᠠ ᠲᠠᠢ | ᠪᠤᠯᠭᠠᠵᠤ᠂ ᠰᠤᠷᠤᠬᠴᠢᠳ ᠲᠤ ᠮᠣᠷᠢᠨ ᠮᠡᠷᠭᠡᠵᠢᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠦ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠭᠡ ᠪᠠᠷ | ᠰᠤᠷᠲᠠᠯᠴᠢᠯᠠᠨ ᠪᠠᠳᠠᠷᠠᠭᠤᠯᠬᠤ ᠶᠢᠨ ᠬᠠᠮᠲᠤ᠂ ᠰᠤᠷᠤᠬᠴᠢᠳ ᠤᠨ ᠤᠯᠠᠮᠵᠢᠯᠠᠯᠲᠤ ᠰᠣᠶᠣᠯ ᠢ ᠨᠠᠩ ᠰᠠᠶᠢᠲᠤᠷ ᠣᠶᠢᠯᠠᠭᠠᠵᠤ᠂ ᠰᠣᠶᠣᠯ ᠤᠨ ᠢᠲᠡᠭᠡᠯ ᠢᠶᠠᠨ | ᠨᠡᠮᠡᠭᠳᠡᠭᠦᠯᠬᠦ ᠶᠢ ᠬᠥᠲᠥᠯᠥᠨ ᠵᠢᠯᠣᠭᠤᠳᠪᠠ᠃ ᠣᠶᠢᠯᠠᠭᠠᠭᠰᠠᠨ ᠢᠶᠠᠷ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ 2025 ᠣᠨ ᠪᠤᠯᠬᠤ ᠳᠤ | ᠮᠣᠷᠢᠨ ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠠᠷ ᠳᠠᠮᠵᠢᠨ 1 ᠲᠦᠮᠡ ᠰᠢᠬᠠᠮ ᠰᠣᠷᠣᠬᠴᠢᠳ ᠲᠤ ᠠᠰᠢᠭ ᠬᠦᠷᠲᠡᠭᠡᠵᠦ᠂ ᠰᠤᠷᠭᠠᠭᠤᠯᠢ ᠶᠢᠨ | ᠬᠦᠷᠢᠶᠡᠨ ᠤ ᠪᠡᠶ᠎ᠡ ᠶᠢᠨ ᠲᠠᠮᠢᠷ ᠤᠨ ᠰᠣᠶᠣᠯ ᠤᠨ ᠣᠯᠠᠨ ᠡᠰᠢᠲᠦ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠭᠦᠨ ᠵᠤᠵᠠᠭᠠᠨ ᠠᠭᠤᠷ ᠠᠮᠢᠰᠬᠤᠯ ᠢ | ᠪᠤᠶ ᠪᠤᠯᠭᠠᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ | 4 ᠰᠠᠷ᠎ᠠ ᠶᠢᠨ 21 ᠤ ᠡᠳᠦᠷ᠂ 2024 ᠣᠨ ᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠢᠶᠠᠷ ᠰᠤᠷᠭᠠᠨ ᠬᠥᠮᠦᠵᠢᠯᠢ ᠳᠡᠮᠵᠢᠬᠦ ᠰᠠᠶᠢᠨ | ᠳᠤᠷ᠎ᠠ ᠶᠢᠨ ᠦᠢᠯᠡᠴᠢᠯᠡᠭᠡᠨ ᠤ ᠮᠣᠷᠳᠠᠬᠤ ᠶᠣᠰᠣᠯᠠᠯ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠶᠠᠪᠤᠭᠳᠠᠪᠠ᠃ ᠲᠤᠰ ᠤᠳᠠᠭ᠎ᠠ ᠶᠢᠨ | ᠪᠡᠶ᠎ᠡ ᠶᠢᠨ ᠲᠠᠮᠢᠷ ᠢᠶᠠᠷ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠥᠪᠥᠷ ᠮᠣᠩᠭᠤᠯ ᠤᠨ ᠦᠨᠳᠦᠰᠦᠲᠡᠨ ᠤ ᠶᠡᠭᠡ | ᠰᠤᠷᠭᠠᠭᠤᠯᠢ ᠶᠢᠨ 60 ᠣᠶᠤᠲᠠᠨ ᠢ ᠰᠣᠩᠭᠤᠨ ᠲᠣᠮᠢᠯᠠᠵᠤ᠂ ᠲᠦᠩᠯᠢᠶᠣᠣ ᠬᠤᠲᠠ ᠶᠢᠨ ᠬᠠᠷᠢᠶ᠎ᠠ ᠬᠤᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ 27 | ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠭᠦᠯᠦᠨ᠂ 90 ᠡᠳᠦᠷᠤᠨ ᠬᠤᠭᠤᠴᠠᠭ᠎ᠠ ᠲᠠᠢ ᠪᠡᠶ᠎ᠡ ᠶᠢᠨ ᠲᠠᠮᠢᠷ ᠢᠶᠠᠷ ᠰᠤᠷᠭᠠᠨ ᠬᠥᠮᠦᠵᠢᠯ ᠢ ᠳᠡᠮᠵᠢᠬᠦ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠣᠯᠣᠨ᠎ᠠ᠃ | ᠪᠡᠶ᠎ᠡ ᠶᠢᠨ ᠲᠠᠮᠢᠷ ᠢᠶᠠᠷ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠣᠯ ᠰᠠᠶᠢᠨ ᠳᠤᠷᠠᠴᠤᠳ ᠪᠣᠯᠣᠨ ᠬᠥᠳᠡᠭᠡ | ᠲᠣᠰᠬᠤᠨ ᠤ ᠰᠤᠷᠭᠠᠭᠤᠯᠢ ᠶᠢᠨ ︽ᠬᠤᠣᠰ ᠴᠢᠭᠯᠡᠯ ᠢᠶᠠᠷ ᠤᠷᠤᠭᠰᠢᠯᠠᠬᠤ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠦᠢᠯᠡᠳᠦᠯᠭᠡᠵᠢᠭᠦᠯᠬᠦ ᠠᠮᠢᠳᠤᠯᠢᠭ ᠦᠢᠯᠡᠳᠦᠯᠭᠡ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠢᠯᠡᠷᠡᠯ ᠮᠥᠨ᠃ ᠰᠠᠶᠢᠨ ᠲᠤᠷᠠᠴᠤᠳ ᠪᠡᠶ᠎ᠡ ᠶᠢᠨ ᠲᠠᠮᠢᠷ ᠤᠨ ᠬᠥᠮᠥᠨ ᠬᠥᠮᠥᠵᠢᠭᠦᠯᠬᠦ | ᠦᠢᠯᠡᠳᠦᠯ ᠴᠢᠳᠠᠪᠬᠢ ᠶᠢ ᠭᠦᠢᠴᠡᠳ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠰᠠᠭᠤᠷᠢ ᠮᠡᠳᠡᠯᠭᠡ ᠪᠠ ᠤᠷ᠎ᠠ ᠴᠢᠳᠠᠪᠤᠷᠢ ᠶᠢ ᠤᠯᠠᠮᠵᠢᠯᠠᠵᠤ᠂ ᠨᠡᠶᠢᠲᠡᠯᠢᠭ ᠭᠡᠯᠡ ᠶᠢ | ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠪᠠᠳᠠᠷᠠᠭᠤᠯᠵᠤ᠂ ᠪᠤᠶᠢᠲᠠ ᠪᠥᠭᠯᠡᠭᠦᠦ ᠭᠠᠵᠠᠷ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠡᠷᠡᠭᠦᠯ ᠢᠶᠠᠷ ᠦᠰᠦᠨ ᠪᠤᠶᠢᠵᠢᠬᠤ ᠶᠢ ᠬᠥᠲᠥᠯᠥᠨ | ᠵᠢᠯᠤᠭᠤᠳᠴᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠰᠣᠷᠣᠬᠴᠢ ᠶᠢ | ᠬᠥᠮᠥᠵᠢᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ᠃ | |