ᠣᠶᠢᠷ᠎ᠠ ᠳᠤ᠂ ᠰᠤᠷᠪᠤᠯᠵᠢᠯᠠᠬᠴᠢ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠧᠢ ᠪᠠ ᠪᠠᠭ᠎ᠠ ᠰᠤᠷᠭᠠᠭᠤᠯᠢ ᠳᠤ | ᠬᠦᠷᠬᠦ ᠳᠤ᠂ ᠯᠢᠦ ᠬᠤᠶ ᠸᠧᠨ ᠪᠠᠭᠰᠢ ᠰᠤᠷᠤᠬᠴᠢᠳ ᠲᠠᠭᠠᠨ ︽ᠳ᠋ᠧᠩ ᠰᠢᠶᠣᠣ ᠫᠢᠩ ᠡᠪᠦᠭᠡ ᠮᠣᠳᠣ ᠳᠠᠷᠢᠭᠰᠠᠨ ᠨᠢ︾ ᠭᠡᠬᠦ ᠬᠢᠴᠢᠶᠡᠯ ᠢ ᠲᠠᠶᠢᠯᠪᠤᠷᠢᠯᠠᠨ ᠥᠭᠴᠦ | ᠪᠠᠶᠢᠯ᠎ᠠ᠃ | ︽ᠬᠡᠨ ᠥᠨᠥᠳᠥᠷ ᠤᠨ ᠦᠰᠦᠭ ᠲᠠᠨᠢᠬᠤ ᠮᠥᠷᠦ᠋ᠢᠴᠡᠭᠡᠨ ᠳᠤ ᠣᠷᠤᠯᠴᠠᠬᠤ ᠰᠠᠨᠠᠭ᠎ᠠ ᠲᠠᠢ ᠪᠤᠢ︖︾ ᠭᠡᠵᠦ ᠯᠢᠦ ᠬᠤᠢ ᠸᠧᠨ ᠪᠠᠭᠰᠢ ᠠᠰᠠᠭᠤᠪᠠ᠃ | ︽AI ᠪᠠᠷ ᠨᠡᠷ᠎ᠡ ᠳᠠᠭᠤᠳᠠᠭᠤᠯᠤᠶᠠ︕︾ ᠭᠡᠵᠦ ᠰᠤᠷᠤᠬᠴᠢᠳ ᠲᠠᠭᠤᠨ ᠨᠢᠭᠡᠲᠡᠢ ᠬᠠᠷᠢᠭᠤᠯᠪᠠ᠃ ᠯᠢᠦ ᠬᠤᠢ ᠸᠧᠨ ᠪᠠᠭᠰᠢ ᠰᠢ ᠸᠧ ᠳᠡᠯᠭᠡᠴᠡ ᠶᠢᠨ | ᠨᠡᠷ᠎ᠡ ᠳᠠᠭᠤᠳᠠᠬᠤ ᠴᠢᠳᠠᠪᠬᠢ ᠶᠢ ᠨᠡᠭᠡᠭᠡᠵᠦ᠂ ᠰᠣᠩᠭᠤᠭᠳᠠᠭᠰᠠᠨ ︽ᠠᠵᠠ ᠲᠠᠢ ᠬᠡᠦᠬᠡᠳ︾ ᠲᠠᠶᠢᠰᠠᠨ ᠳᠤ ᠭᠠᠷᠴᠤ ᠥᠨᠥᠳᠥᠷ ᠤᠨ ᠮᠥᠷᠦ᠋ᠢᠴᠡᠭᠡᠨ ᠢᠶᠠᠨ | ᠡᠬᠢᠯᠡᠭᠦᠯᠵᠡᠢ᠃ ᠰᠤᠷᠤᠬᠴᠢᠳ ᠤᠩᠰᠢᠬᠤ ᠶᠢᠨ ᠳᠠᠭᠠᠤ ᠳᠡᠯᠭᠡᠴᠡ ᠶᠢ ᠲᠣᠪᠴᠢᠳᠠᠵᠤ᠂ ᠲᠣᠭᠯᠠᠭᠠᠮ ᠠᠴᠠ ᠬᠢᠲᠠᠳ ᠦᠰᠦᠭ ᠤᠨ ᠷᠢᠳᠢ ᠰᠢᠳᠢ ᠶᠢ ᠣᠶᠢᠯᠠᠭᠠᠵᠤ | ᠪᠠᠶᠢᠯ᠎ᠠ᠃ | ᠪᠧᠢ ᠪᠠ ᠪᠠᠭ᠎ᠠ ᠰᠤᠷᠭᠠᠭᠤᠯᠢ ᠶᠢᠨ ᠬᠡᠷᠡᠭᠯᠡᠵᠦ ᠪᠠᠶᠢᠭ᠎ᠠ ᠰᠢ ᠸᠧ ᠳᠡᠯᠭᠡᠴᠡ ᠪᠣᠯ ᠮᠡᠳᠡᠭᠡ ᠵᠠᠩᠭᠢᠵᠢᠯᠲᠠ ᠶᠢᠨ ᠵᠢᠭᠠᠨ ᠰᠤᠷᠭᠠᠯᠲᠠ ᠶᠢᠨ ᠬᠡᠷᠡᠭᠴᠡᠭᠡ ᠳᠤ | ᠵᠣᠷᠢᠭᠤᠯᠤᠨ ᠲᠥᠯᠥᠪᠯᠡᠭᠰᠡᠨ ᠬᠠᠷᠢᠯᠴᠠᠨ ᠦᠢᠯᠡᠳᠦᠯᠴᠡᠬᠦ ᠭᠡᠯᠪᠡᠷᠢ ᠶᠢᠨ ᠣᠯᠠᠨ ᠵᠠᠭᠤᠴᠢᠲᠤ ᠵᠢᠭᠠᠨ ᠰᠤᠷᠭᠠᠯᠲᠠ ᠶᠢᠨ ᠲᠠᠪᠴᠠᠩ ᠪᠣᠯᠣᠨ᠎ᠠ᠂ ᠡᠭᠦᠨ ᠳᠤ ᠠᠪᠢᠶ᠎ᠠ | ᠲᠡᠮᠳᠡᠭᠯᠡᠬᠦ᠂ ᠭᠧᠣᠮᠧᠳ᠋ᠷᠢ᠂ ᠠᠩᠭ᠍ᠯᠢ ᠬᠢᠲᠠᠳ ᠥᠰᠥᠭ ᠤᠨ ᠲᠣᠯᠢ᠂ ᠵᠢᠷᠤᠭ ᠵᠢᠷᠤᠬᠤ ᠵᠡᠷᠭᠡ ᠣᠯᠠᠨ ᠵᠦᠢᠯ ᠤᠨ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ | ᠪᠠᠭᠠᠵᠢ ᠲᠠᠢ ᠪᠠᠶᠢᠵᠤ᠂ ᠮᠠᠰᠢ ᠴᠢᠩᠭ᠎ᠠ ᠬᠠᠷᠢᠯᠴᠠᠨ ᠦᠢᠯᠡᠳᠦᠯᠴᠡᠬᠦ ᠵᠢᠭᠠᠨ ᠰᠤᠷᠭᠠᠯᠲᠠ ᠪᠠ ᠦᠵᠡᠭᠦᠯᠭᠡ ᠶᠢᠨ ᠴᠢᠳᠠᠪᠬᠢ ᠲᠠᠢ ᠪᠠᠶᠢᠳᠠᠭ᠃ | ︽ᠡᠶᠢᠮᠦ ᠰᠣᠨᠢᠷᠬᠠᠯᠲᠠᠢ ᠭᠡᠯᠪᠡᠷᠢ ᠪᠠᠷ ᠬᠢᠴᠢᠶᠡᠯ ᠣᠷᠣᠵᠤ ᠰᠤᠷᠤᠯᠴᠠᠬᠤ ᠳᠤ᠂ ᠮᠢᠨᠤ ᠲᠠᠨᠢᠬᠤ ᠬᠢᠲᠠᠳ ᠦᠰᠦᠭ ᠨᠡᠩ ᠣᠯᠠᠰᠢᠷᠠᠵᠤ᠂ ᠤᠩᠰᠢᠬᠤ ᠴᠢᠳᠠᠪᠤᠷᠢ | ᠪᠣᠯᠣᠨ ᠢᠯᠡᠳᠬᠡᠬᠦ ᠴᠢᠳᠠᠪᠤᠷᠢ ᠴᠤ ᠨᠡᠩ ᠰᠠᠶᠢᠨ ᠪᠣᠯᠵᠠᠢ︕︾ ᠭᠡᠵᠦ ᠪᠧᠢ ᠪᠠ ᠪᠠᠭ᠎ᠠ ᠰᠤᠷᠭᠠᠭᠤᠯᠢ ᠶᠢᠨ ᠰᠤᠷᠤᠬᠴᠢ ᠵᠠᠩ ᠽᠢ ᠠᠩ ᠬᠡᠯᠡᠪᠡ᠃ | ︽ᠮᠠᠨ ᠤ ᠣᠶᠤᠨᠲᠤ ᠵᠢᠭᠠᠨ ᠰᠤᠷᠭᠠᠯᠲᠠ ᠳᠤ ᠬᠠᠷᠢᠯᠴᠠᠨ ᠦᠢᠯᠡᠳᠦᠯᠴᠡᠬᠦ ᠲᠣᠭᠯᠠᠭᠠᠮ ᠪᠠᠶᠢᠬᠤ ᠪᠠᠷ ᠪᠠᠷᠠᠬᠤ ᠦᠭᠡᠢ᠂ ᠪᠠᠰᠠ ᠥᠩᠭᠡ ᠪᠤᠳᠤᠭ ᠢᠯᠡ | ᠲᠣᠳᠣ ᠭᠡᠷᠡᠯ ᠵᠢᠷᠤᠭ᠂ ᠲᠠᠭᠤ᠂ ᠸᠢᠳᠢᠤ᠋ ᠵᠡᠷᠭᠡ ᠬᠢᠴᠢᠶᠡᠯ ᠤᠨ ᠡᠬᠢ ᠪᠠᠶᠠᠯᠢᠭ ᠲᠠᠢ ᠪᠠᠶᠢᠵᠤ᠂ ᠰᠤᠷᠤᠬᠴᠢᠳ ᠲᠤ ᠥᠰᠥᠭ ᠪᠢᠴᠢᠬᠦ ᠶᠠᠪᠤᠴᠠ ᠶᠢ ᠨᠠᠩ ᠰᠢᠭᠤᠳ | ᠣᠶᠢᠯᠠᠭᠠᠭᠤᠯᠵᠤ᠂ ᠰᠤᠷᠤᠬᠴᠢᠳ ᠤᠨ ᠨᠡᠶᠢᠲᠡᠯᠢᠭ ᠭᠡᠯᠡ ᠶᠢ ᠰᠠᠶᠢᠲᠤᠷ ᠶᠠᠷᠢᠵᠤ᠂ ᠳᠦᠷᠢᠮᠵᠢᠭᠰᠡᠨ ᠥᠰᠥᠭ ᠢ ᠰᠠᠶᠢᠲᠤᠷ ᠪᠢᠴᠢᠬᠦ ᠳᠤ ᠬᠠᠪᠰᠤᠷᠤᠮᠵᠢ ᠪᠣᠯᠵᠤ | ᠴᠢᠳᠠᠨ᠎ᠠ᠃ ᠪᠢᠳᠡ ᠪᠠᠰᠠ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠲᠤ ᠰᠤᠷᠭᠠᠨ ᠬᠥᠮᠦᠵᠢᠯ ᠤᠨ ᠲᠠᠪᠴᠠᠩ ᠳᠠᠬᠢ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ | ᠦᠰᠦᠭ ᠪᠢᠴᠢᠭ ᠤᠨ ᠰᠤᠷᠤᠯᠴᠠᠯᠭ᠎ᠠ ᠶᠢᠨ ᠡᠬᠢ ᠪᠠᠶᠠᠯᠢᠭ ᠢ ᠠᠰᠢᠭᠯᠠᠵᠤ᠂ ᠰᠤᠷᠤᠬᠴᠢᠳ ᠢ ᠬᠥᠲᠥᠯᠥᠨ ᠵᠢᠯᠤᠭᠤᠳᠴᠤ᠂ ᠰᠢᠯᠢᠳᠡᠭ ᠤᠯᠠᠮᠵᠢᠯᠠᠯᠲᠤ ᠰᠣᠶᠣᠯ ᠤᠨ | ᠦᠯᠢᠭᠡᠷ᠂ ᠰᠣᠩᠭᠤᠳᠠᠭ ᠬᠤᠪᠢᠰᠬᠠᠯᠲᠤ ᠰᠣᠶᠣᠯ ᠤᠨ ᠦᠯᠢᠭᠡᠷ ᠵᠡᠷᠭᠡ ᠬᠤᠯᠪᠣᠭᠳᠠᠯ ᠪᠦᠬᠦᠢ ᠦᠭᠡ ᠭᠡᠯᠡ ᠦᠰᠦᠭ ᠪᠢᠴᠢᠭ ᠤᠨ ᠰᠤᠷᠤᠯᠴᠠᠯᠭ᠎ᠠ ᠪᠣᠯᠪᠠᠰᠤᠷᠠᠯ ᠳᠤ | ᠣᠷᠣᠯᠴᠠᠭᠤᠯᠬᠤ ᠶᠢᠨ ᠬᠠᠮᠲᠤ᠂ ᠪᠠᠰᠠ ᠵᠠᠷᠢᠮ ᠨᠠᠷᠢᠯᠢᠭ ᠵᠢᠭᠠᠬᠤ ᠬᠢᠴᠢᠶᠡᠯ᠂ ᠵᠢᠭᠠᠬᠤ ᠲᠥᠰᠥᠯ ᠢ ᠬᠠᠮᠲᠤ ᠪᠠᠷ ᠡᠳ᠋ᠯᠡᠬᠦ ᠵᠡᠷᠭᠡ ᠲᠠᠢ ᠤᠶᠠᠯᠳᠤᠭᠤᠯᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠵᠢᠭᠠᠨ ᠰᠤᠷᠭᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠪᠠᠶᠢᠨ᠎ᠠ︾ ᠭᠡᠵᠦ ᠯᠢᠦ ᠬᠤᠢ ᠸᠧᠨ ᠬᠡᠯᠡᠪᠡ᠃ | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠧᠢ ᠪᠠ ᠪᠠᠭ᠎ᠠ ᠰᠤᠷᠭᠠᠭᠤᠯᠢ ᠰᠢᠨ᠎ᠡ ᠮᠠᠶ᠋ᠢᠭ ᠤᠨ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠠ | ᠡᠯᠪᠡᠭ ᠪᠠᠶᠠᠯᠢᠭ ᠲᠣᠭᠠᠴᠢᠯᠠᠭᠰᠠᠨ ᠮᠡᠷᠭᠡᠵᠢᠯ ᠢ ᠰᠠᠶᠢᠲᠤᠷ ᠤᠶᠠᠯᠳᠤᠭᠤᠯᠵᠤ᠂ ᠣᠶᠤᠨᠲᠤ ᠵᠢᠭᠠᠨ ᠰᠤᠷᠭᠠᠯᠲᠠ ᠠᠴᠠ ᠭᠠᠳᠠᠨ᠎ᠠ᠂ ᠪᠠᠰᠠ ︽ᠬᠦᠰᠡᠯ ᠵᠡᠭᠦᠳᠦ ᠶᠢᠨ | ᠬᠢᠴᠢᠶᠡᠯ ᠤᠨ ᠲᠠᠩᠬᠢᠮ︾᠂ ᠤᠷᠠᠨ ᠪᠢᠴᠢᠯᠭᠡ᠂ ᠬᠢᠲᠠᠳ ᠵᠢᠷᠤᠭ᠂ ᠶᠠᠷᠢᠶᠠᠨ ᠤ ᠴᠢᠳᠠᠪᠤᠷᠢ᠂ ᠳᠠᠭᠤᠤ ᠬᠥᠭᠵᠢᠮ ᠵᠡᠷᠭᠡ ᠣᠯᠠᠨ ᠶᠠᠩᠵᠤ ᠶᠢᠨ ᠬᠤᠶᠠᠳᠤᠭᠠᠷ | ᠬᠢᠴᠢᠶᠡᠯ ᠤᠨ ᠲᠠᠩᠬᠢᠮ ᠭᠠᠷᠭᠠᠵᠤ᠂ ᠬᠡᠦᠬᠡᠳ ᠤᠳ ᠲᠤ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠣᠶᠢᠯᠠᠭᠠᠭᠤᠯᠵᠤ᠂ ᠵᠢᠭᠠᠨ | ᠰᠤᠷᠭᠠᠯᠲᠠ ᠶᠢᠨ ᠬᠠᠪᠤ ᠴᠡᠩᠭᠡᠯ ᠢ ᠡᠳ᠋ᠯᠡᠭᠦᠯᠵᠦ ᠪᠠᠶᠢᠨ᠎ᠠ᠃ | ︽ᠪᠢᠳᠡ ᠥᠷᠭᠦᠯᠵᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢ ᠳᠡᠯᠭᠡᠷᠡᠭᠦᠯᠦᠨ ᠬᠡᠷᠡᠭᠯᠡᠬᠦ ᠲᠤᠰᠬᠠᠢ | ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠪᠠᠰᠠ ︿ᠳᠤᠮᠳᠠᠳᠤ ᠶᠢᠨ ᠰᠦᠭ ᠰᠦᠨᠡᠰᠦ﹀ ᠬᠢᠲᠠᠳ ᠦᠰᠦᠭ ᠰᠣᠨᠣᠰᠴᠤ | ᠪᠢᠴᠢᠬᠦ ᠤᠷᠤᠯᠳᠤᠭᠠᠨ ᠪᠠ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠵᠡᠷᠭᠡ ᠶᠢ ᠶᠠᠪᠤᠭᠳᠠᠭᠤᠯᠵᠤ᠂ ᠪᠠᠶᠠᠯᠢᠭ ᠠᠭᠤᠯᠭ᠎ᠠ ᠲᠠᠢ ᠠᠵᠢᠯᠯᠠᠭ᠎ᠠ ᠪᠠᠷ | ᠳᠠᠮᠵᠢᠭᠤᠯᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠠᠭᠰᠢ ᠰᠤᠷᠤᠬᠴᠢᠳ ᠤᠨ | ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠶᠢ ᠰᠠᠶᠢᠲᠤᠷ ᠶᠠᠷᠢᠵᠤ᠂ ᠳᠦᠷᠢᠮᠵᠢᠭᠰᠡᠨ ᠦᠰᠦᠭ ᠢ ᠰᠠᠶᠢᠲᠤᠷ ᠪᠢᠴᠢᠬᠦ ᠶᠢ ᠵᠣᠷᠢᠭᠵᠢᠭᠤᠯᠵᠤ᠂ ᠳᠤᠮᠳᠠᠳᠤ ᠶᠢᠨ | ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ ᠰᠠᠶᠢᠨ ᠦᠷ᠎ᠡ ᠪᠦᠲᠦᠮᠵᠢ ᠣᠯᠵᠠᠢ︾ ᠭᠡᠵᠦ ᠪᠧᠢ ᠪᠠ ᠪᠠᠭ᠎ᠠ ᠰᠤᠷᠭᠠᠭᠤᠯᠢ ᠶᠢᠨ | ᠵᠠᠬᠢᠷᠤᠯ ᠹᠧᠩ ᠶᠠᠨ ᠬᠤᠸᠠ ᠬᠡᠯᠡᠪᠡ᠃ |