5 ᠰᠢᠨ᠎ᠡ ᠲᠤᠰᠬᠠᠢ ᠮᠡᠷᠭᠡᠵᠢᠯ ᠲᠣᠬᠢᠷᠠᠭᠤᠯᠤᠨ᠎ᠠ
ᠨᠡᠶᠢᠲᠡᠯᠡᠭᠰᠡᠨ ᠴᠠᠭ᠄
2024/11/15
       ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠣᠶᠢᠷ᠎ᠠ ᠳᠤ ︽ᠡᠷᠡᠭᠦᠯ ᠮᠡᠨᠳᠦ ᠶᠢᠨ ᠦᠢᠯᠡᠰ ᠲᠤ ᠦᠢᠯᠡᠴᠢᠯᠡᠬᠦ ᠪᠠ ᠡᠷᠡᠭᠦᠯ ᠮᠡᠨᠳᠦ ᠶᠢᠨ ᠠᠵᠤ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠬᠦ ᠬᠥᠲᠥᠯᠥᠨ ᠵᠢᠯᠤᠭᠤᠳᠬᠤ ᠴᠢᠨᠠᠷᠲᠠᠢ ᠲᠤᠰᠬᠠᠢ ᠮᠡᠷᠭᠡᠵᠢᠯ ᠤᠨ ᠵᠦᠭᠯᠡᠭᠦᠷ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠨᠡᠶᠢᠲᠡᠯᠡᠪᠡ᠃       ᠡᠨᠡᠬᠦ ᠵᠦᠭᠯᠡᠭᠦᠷ ᠲᠤ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ᠂ ᠡᠷᠡᠭᠦᠯ ᠮᠡᠨᠳᠦ ᠶᠢᠨ ᠦᠢᠯᠡᠰ ᠪᠠ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠰᠢᠨ᠎ᠡ ᠪᠠᠶᠢᠳᠠᠯ ᠳᠣᠣᠷ᠎ᠠ᠂ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠬᠥᠲᠥᠯᠥᠨ ᠵᠢᠯᠤᠭᠤᠳᠬᠤ ᠴᠢᠨᠠᠷᠲᠠᠢ 5 ᠰᠢᠨ᠎ᠡ ᠲᠤᠰᠬᠠᠢ ᠮᠡᠷᠭᠡᠵᠢᠯ ᠲᠣᠬᠢᠷᠠᠭᠤᠯᠤᠨ᠎ᠠ ᠭᠡᠵᠦ ᠳᠤᠷᠠᠳᠴᠠᠢ᠃       ᠡᠳᠡᠭᠡᠷ ᠲᠤᠰᠬᠠᠢ ᠮᠡᠷᠭᠡᠵᠢᠯ ᠨᠢ ᠲᠤᠰ ᠲᠤᠰ᠄       j ᠡᠮᠴᠢᠯᠡᠭᠡᠨ ᠤ ᠪᠠᠭᠠᠵᠢ ᠬᠡᠷᠡᠭᠰᠡᠯ ᠬᠢᠭᠡᠳ ᠲᠣᠨᠤᠭ ᠲᠥᠬᠦᠭᠡᠷᠦᠮᠵᠢ ᠶᠢᠨ ᠢᠨᠵᠧᠨᠧᠷᠢᠩ ;       k ᠨᠠᠰᠤᠲᠠᠶᠢᠴᠤᠳ ᠤᠨ ᠠᠨᠠᠭᠠᠬᠤ ᠤᠬᠠᠭᠠᠨ ᠬᠢᠭᠡᠳ ᠡᠷᠡᠭᠦᠯ ᠮᠡᠨᠳᠦ ;       l ᠡᠷᠡᠭᠦᠯ ᠮᠡᠨᠳᠦ ᠬᠢᠭᠡᠳ ᠡᠮ ᠡᠮᠨᠡᠯᠭᠡ ᠶᠢᠨ ᠪᠠᠲᠤᠯᠠᠭ᠎ᠠ ;       m ᠡᠮ ᠤᠨ ᠠᠵᠤ ᠠᠬᠤᠢ ᠬᠢᠭᠡᠳ ᠬᠠᠮᠢᠶᠠᠷᠤᠯᠲᠠ ;       n ᠠᠮᠢᠳᠤ ᠪᠣᠳᠠᠰ ᠤᠨ ᠡᠮ ᠡᠮᠨᠡᠯᠭᠡ ᠶᠢᠨ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ