ᠬᠥᠯᠥᠨ ᠪᠤᠶᠢᠷ ᠮᠥᠩᠭᠦᠨ ᠭᠦᠢᠯᠭᠡᠭᠡᠨ ᠤ ᠠᠵᠤ ᠠᠬᠤᠶᠢᠯᠠᠯ ᠯᠤᠭ᠎ᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/19
       ᠥᠪᠡᠷᠲᠡᠭᠡᠨ ᠵᠠᠰᠠᠬᠤ ᠣᠷᠣᠨ ᠤ ᠠᠵᠢᠯ ᠵᠣᠯᠭᠠᠭᠤᠯᠬᠤ ᠬᠤᠭᠤᠴᠠᠭᠠᠨ ᠳᠤ᠂ 11 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠥᠯᠥᠨ ᠪᠤᠶᠢᠷ ᠮᠥᠩᠭᠦᠨ ᠭᠦᠢᠯᠭᠡᠭᠡᠨ ᠤ ᠠᠵᠤ ᠠᠬᠤᠶᠢᠯᠠᠯ ᠯᠤᠭ᠎ᠠ ᠭᠠᠷ ᠬᠤᠯᠪᠣᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠵᠢᠴᠢ ᠬᠥᠯᠥᠨ ᠪᠤᠶᠢᠷ ᠬᠤᠳᠠ ᠶᠢᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠤᠷᠢᠵᠤ ᠮᠠᠨ ᠤ ᠬᠤᠳᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠨᠢᠭᠤᠷᠳᠠᠨ ᠵᠣᠯᠭᠠᠭᠤᠯᠵᠤ᠂ ᠬᠠᠮᠲᠤᠷᠠᠯᠴᠠᠭᠠᠨ ᠤ ᠵᠦᠢᠯᠡᠰ ᠢ ᠨᠢᠭᠤᠷᠳᠠᠨ ᠵᠣᠯᠭᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠬᠠᠮᠲᠤᠪᠠᠷ ᠰᠤᠳᠤᠯᠪᠠ᠃       ᠸᠠᠩ ᠸᠠᠩ ᠱᠧᠩ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠯᠥᠨ ᠪᠤᠶᠢᠷ ᠲᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠬᠥᠯᠥᠨ ᠪᠤᠶᠢᠷ ᠶᠠᠭ ᠨᠢᠭᠡ ᠭᠤᠤᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ᠢᠷᠡᠬᠦ ᠵᠢᠯ ᠪᠣᠯᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠰᠡᠳᠬᠢᠴᠡ ᠠᠷᠭ᠎ᠠ ᠬᠡᠮᠵᠢᠶ᠎ᠡ ᠶᠢ ᠰᠤᠳᠤᠯᠤᠨ ᠲᠥᠯᠥᠪᠵᠢᠭᠦᠯᠵᠦ᠂ ᠨᠥᠭᠡᠴᠡᠯᠡᠬᠦ ᠲᠥᠷᠥᠯ ᠵᠦᠢᠯ ᠢ ᠲᠦᠷᠭᠡᠳᠬᠡᠵᠦ ᠪᠠᠶᠢᠨ᠎ᠠ᠃ ᠡᠲᠡᠭᠡᠷ ᠨᠢ ᠮᠥᠩᠭᠦᠨ ᠭᠦᠢᠯᠭᠡᠭᠡᠨ ᠤ ᠪᠠᠲᠤᠯᠠᠭ᠎ᠠ ᠠᠴᠠ ᠰᠠᠯᠵᠤ ᠴᠢᠳᠠᠬᠤ ᠥᠬᠡᠶ᠂ ᠵᠠᠰᠠᠭ ᠪᠠᠩᠬᠢ ᠠᠵᠤ ᠠᠬᠤᠶᠢᠯᠠᠯ ᠡᠯ᠎ᠡ ᠲᠠᠯ᠎ᠠ ᠶᠢᠨ ᠬᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠠᠯ᠎ᠠ ᠪᠠᠷ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ ᠠᠵᠢᠯ ᠢ ᠢᠯᠡᠭᠦᠬᠡᠨ ᠬᠢᠵᠦ᠂ ᠤᠯᠤᠰ ᠤᠨ ᠪᠠᠶᠢᠯᠳᠤᠬᠤ ᠪᠣᠳᠣᠯᠭ᠎ᠠ ᠪᠠ ᠪᠥᠬᠦ ᠣᠷᠣᠨ ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠣᠷᠣᠨ ᠨᠤᠲᠤᠭ ᠤᠨ ᠪᠣᠳᠠᠲᠠᠢ ᠬᠡᠷᠡᠭᠴᠡᠭᠡ ᠶᠢ ᠠᠩᠬᠠᠷᠴᠤ᠂ ᠤᠨᠤᠴᠠᠲᠠᠢ ᠪᠦᠲᠦᠮᠵᠢᠲᠡᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠬᠦᠰᠡᠵᠦ ᠪᠠᠶᠢᠨ᠎ᠠ᠃ ᠬᠥᠯᠥᠨ ᠪᠤᠶᠢᠷ ᠬᠤᠳᠠ ᠪᠠᠶᠢᠩᠭᠤᠵᠢᠭᠰᠠᠨ ᠵᠣᠯᠭᠠᠭᠤᠯᠬᠤ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠵᠦ᠂ ᠲᠤᠰᠬᠠᠢ ᠠᠩᠬᠢ ᠪᠠᠶᠢᠭᠤᠯᠵᠤ ᠬᠠᠮᠲᠤᠷᠠᠯᠴᠠᠭᠠᠨ ᠤ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠱᠠᠯᠠᠪᠳᠠᠨ ᠠᠬᠢᠭᠤᠯᠵᠤ᠂ ᠡᠯ᠎ᠡ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃       ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠬᠢ᠂ ᠫᠦ᠋ ᠹᠠ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ᠂ ᠬᠤᠳᠠᠯᠳᠤᠭᠠᠴᠢᠨ ᠤᠷᠢᠬᠤ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠮᠧᠩ ᠱᠠᠩ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠵᠡᠷᠭᠡ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠦᠭᠡ ᠬᠡᠯᠡᠪᠡ᠃ ᠤᠯᠠᠨ ᠢᠶᠠᠷ ᠢᠶᠠᠨ᠂ ᠲᠤᠰ ᠲᠤᠰ ᠤᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠪᠣᠯᠤᠨ ᠠᠵᠤ ᠦᠢᠯᠡᠰ᠂ ᠲᠦᠷᠦᠯ ᠵᠦᠢᠯ ᠤᠨ ᠡᠬᠢ ᠪᠠᠶᠠᠯᠢᠭ ᠢ ᠤᠨᠢᠨ ᠳᠡᠭᠡᠷ᠎ᠡ ᠨᠢ ᠵᠣᠯᠭᠠᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠨ᠎ᠠ ᠭᠡᠵᠦ ᠢᠯᠡᠳᠬᠡᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ