11 ᠰᠠᠷ᠎ᠠ ᠶᠢᠨ 15 ᠤ ᠡᠳᠦᠷ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠢᠢ ᠶᠦᠩ ᠴᠢᠶᠠᠨ | ᠬᠤᠳᠠ ᠶᠢᠨ ᠵᠠᠰᠠᠭ ᠤᠨ ᠣᠷᠳᠣᠨ ᠤ 2024 ᠣᠨ ᠤ 19 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠪᠦᠬᠦ ᠬᠤᠳᠠ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠳᠠ ᠶᠢᠨ ᠵᠥᠪᠯᠡᠯ ᠤᠨ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠪᠧᠶ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠠᠷᠢᠯᠴᠠᠨ ᠠᠭᠤᠰᠤᠯᠴᠠᠭᠤᠯᠬᠤ ᠶᠢ ᠭᠦᠨᠵᠡᠭᠡᠶ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠲᠠᠰ ᠳᠡᠪᠰᠢᠭᠦᠯᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠤᠨᠴᠠᠯᠢᠬᠳᠤ ᠰᠢᠶᠠᠨ ᠤ ᠬᠡᠪᠴᠢᠶᠡᠨ ᠤ ᠠᠵᠤ | ᠠᠬᠤᠶ ᠶᠢ ᠪᠣᠶ ᠪᠣᠯᠭᠠᠬᠤ᠂ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠵᠡᠷᠭᠡ ᠠᠵᠢᠯ ᠢ ᠪᠠᠲᠤᠲᠠᠶ ᠰᠠᠶᠢᠲᠤᠷ ᠬᠢᠬᠦ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ ᠴᠢᠨᠠᠷ ᠰᠠᠶᠢᠲᠠᠢ ᠭᠦᠢᠴᠡᠳ ᠠᠵᠢᠯ | ᠣᠯᠭᠤᠯᠲᠠ ᠶᠢ ᠠᠬᠢᠭᠤᠯᠬᠤ ᠲᠤᠬᠠᠢ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠤᠳᠤᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠣᠯᠤᠨ ᠠᠵᠢᠯ ᠣᠯᠭᠤᠯᠲᠠ ᠶᠢ ᠬᠠᠮᠵᠢᠯᠴᠠᠭᠤᠯᠤᠨ | ᠬᠠᠮᠲᠤᠷᠠᠯᠴᠠᠬᠤ ᠪᠠᠨ ᠴᠢᠩᠭᠠᠳᠬᠠᠵᠤ᠂ ᠬᠠᠩᠭᠠᠯᠭ᠎ᠠ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠬᠤ ᠶᠢ ᠰᠠᠶᠢᠲᠤᠷ ᠬᠢᠵᠦ᠂ ᠠᠵᠢᠯ ᠣᠯᠭᠤᠯᠲᠠ ᠶᠢᠨ ᠶᠠᠰᠤ | ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠲᠦᠷᠢᠮ ᠢ ᠥᠭᠡᠷᠡᠴᠢᠯᠡᠵᠦ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ | ᠪᠠᠲᠤᠯᠠᠬᠤ ᠴᠢᠳᠠᠪᠤᠷᠢ ᠪᠠᠨ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠠᠮᠢᠶᠠᠷᠤᠯᠲᠠ ᠡᠵᠡᠮᠳᠡᠯ ᠤᠨ ᠵᠠᠭᠠᠭ ᠬᠢᠵᠠᠭᠠᠷ ᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ | ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠵᠦ᠂ ᠠᠵᠤ ᠠᠬᠤᠶ ᠶᠢᠨ ᠪᠠᠶᠢᠷᠢᠰᠢᠭᠤᠯᠤᠯᠲᠠ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠰᠢᠰᠲ᠋ᠧᠮ ᠢ | ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ | ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠡᠨᠡ | ᠬᠦ ᠬᠥᠪᠴᠢ ᠶᠢ ᠢᠮᠠᠭᠲᠠ ᠴᠢᠩᠭᠠᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠨ ᠴᠡᠭᠴᠡᠯᠡᠨ | ᠵᠠᠰᠠᠬᠤ ᠶᠢ ᠰᠠᠶᠢᠲᠤᠷ ᠠᠳᠬᠤᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠳᠡᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 2024 ᠣᠨ ᠤ ᠪᠦᠬᠦ ᠬᠤᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠠᠵᠢᠯ ᠤᠨ ᠳ᠋ᠦᠩᠨᠡᠯᠲᠡ ᠶᠢᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠲᠥᠰᠦᠯ ᠢ ᠬᠢᠨᠠᠨ ᠵᠥᠪᠯᠡᠵᠦ᠂ ᠨᠠᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ | ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ | ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠭᠤᠰᠤᠯᠴᠠᠨ | ᠬᠥᠭᠵᠢᠬᠦ ᠶᠢ ᠠᠬᠢᠭᠤᠯᠵᠤ᠂ ᠪᠣᠳᠠᠲᠠᠢ ᠠᠵᠢᠯᠯᠠᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ ᠪᠠᠰᠠ 2025 ᠣᠨ ᠤ ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠬᠦ ᠠᠵᠢᠯ ᠢ ᠪᠠᠶᠢᠷᠢᠯᠠᠭᠤᠯᠵᠤ᠂ ︽ | ᠬᠥᠯᠥᠨ ᠪᠤᠶᠢᠷ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ | ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠲᠥᠰᠦᠯ ᠵᠢᠴᠢ ᠬᠤᠯᠪᠣᠭᠳᠠᠬᠤ ᠰᠠᠯᠠᠭ᠎ᠠ ᠮᠥᠴᠢᠷ ᠤᠨ ᠲᠥᠰᠦᠯ︾ ᠢ ᠬᠢᠨᠠᠨ | ᠵᠥᠪᠯᠡᠪᠡ᠃ |