ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/19
       11 ᠰᠠᠷ᠎ᠠ ᠶᠢᠨ 15 ᠤ ᠡᠳᠦᠷ᠂ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃       ᠬᠤᠷᠠᠯ ᠳᠡᠭᠡᠷ᠎ᠡ᠂ ᠵᠢᠢ ᠶᠦᠩ ᠴᠢᠶᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ︾᠂ ︽ᠰᠢ ᠶᠢᠨ ᠫᠢᠩ ᠤᠨ ᠵᠣᠬᠢᠶᠠᠯ ᠤᠨ ᠲᠡᠭᠦᠪᠦᠷᠢ︾ ᠵᠡᠷᠭᠡ ᠤᠩᠰᠢᠬᠤ ᠪᠢᠴᠢᠭ ᠢ ᠪᠢᠴᠢᠭ ᠢᠶᠠᠷ ᠰᠤᠷᠤᠯᠴᠠᠪᠠ᠃       ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠨᠴᠠᠭᠠᠢ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠠᠭᠤᠰᠤᠯᠴᠠᠭᠤᠯᠤᠨ ᠬᠤᠪᠢᠷᠠᠭᠤᠯᠬᠤ ᠶᠢ ᠴᠢᠬᠤᠯᠠᠴᠢᠯᠠᠵᠤ᠂ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠲᠦᠰᠢᠭᠯᠡᠨ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠴᠦ᠂ ᠠᠷᠠᠳ ᠤᠯᠠᠨ ᠤ ᠤᠯᠠᠨ ᠶᠠᠩᠵᠤᠴᠢᠯᠠᠭᠰᠠᠨ᠂ ᠤᠯᠠᠨ ᠲᠡᠰ ᠳᠠᠪᠬᠤᠷᠭᠠᠲᠤ᠂ ᠤᠯᠠᠨ ᠲᠠᠯᠠᠲᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠠᠷᠠᠳ ᠤᠯᠠᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠪᠦᠬᠦ ᠬᠤᠳᠠ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾᠂ ︽ᠨᠢᠭᠡ ᠲᠣᠣᠷ︾ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠣᠷᠣᠨ ᠪᠦᠰᠡ ᠪᠠᠷ ᠢᠶᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠪᠣᠯᠤᠨ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠣᠨᠣᠪᠴᠢᠲᠠᠢ ᠨᠠᠶᠢᠳᠠᠪᠤᠷᠢᠵᠢᠭᠤᠯᠵᠤ᠂ ᠬᠥᠯᠥᠨ ᠨᠠᠭᠤᠷ᠂ ᠡᠷᠭᠦᠨ᠎ᠡ ᠭᠤᠣᠯ᠂ ᠨᠤᠨ ᠮᠥᠷᠡᠨ ᠵᠡᠷᠭᠡ ᠭᠤᠣᠯᠳᠠᠯᠭ᠎ᠠ ᠲᠠᠢ ᠰᠠᠪᠠ ᠭᠠᠵᠠᠷ ᠢ ᠬᠠᠮᠠᠭᠠᠯᠠᠬᠤ᠂ ᠬᠢᠨᠠᠨ ᠬᠠᠮᠢᠶᠠᠷᠬᠤ᠂ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠪᠣᠯᠤᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠠᠲᠠᠢ ᠠᠵᠢᠯ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ