ᠵᠢᠢ ᠶᠦᠩ ᠴᠢᠶᠠᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/19
       11 ᠰᠠᠷ᠎ᠠ ᠶᠢᠨ 16 ᠤ ᠡᠳᠦᠷ᠂ ᠬᠦᠯᠦᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨᠴᠢ ᠮᠦᠰᠦ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠱᠠᠭᠠᠷᠳᠠᠨ ᠵᠢᠯᠣᠭᠤᠳᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠯᠪᠠᠯᠠᠵᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠤᠲᠠ ᠶᠢᠨ ᠤᠳᠤᠷᠢᠳᠤᠯᠭ᠎ᠠ ᠰᠦᠨ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
2024-11-19-2.jpg
       ᠬᠥᠯᠥᠨ ᠪᠤᠶᠢᠷ ᠤᠨ ᠨᠢᠰᠬᠡᠯ ᠤᠨ ᠪᠠᠭᠤᠳᠠᠯ᠂ ᠲᠢᠶᠠᠨ ᠵᠢᠶᠤᠤ ᠵᠣᠴᠢᠳ ᠤᠨ ᠪᠠᠭᠤᠳᠠᠯ᠂ ᠪᠠᠶ ᠹᠦ᠋ ᠶᠤᠸᠠᠢ ᠵᠣᠴᠢᠳ ᠤᠨ ᠪᠠᠭᠤᠳᠠᠯ ᠳᠤ ᠦᠢᠯᠡᠴᠢᠯᠡᠭᠡ ᠪᠠᠲᠤᠯᠠᠭ᠎ᠠ᠂ ᠠᠭᠤᠷ ᠠᠮᠢᠰᠬᠤᠯ ᠢ ᠪᠣᠶ ᠪᠣᠯᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠪᠠᠶᠢᠳᠠᠯ ᠢ ᠪᠠᠶᠢᠴᠠᠭᠠᠭᠰᠠᠨ ᠤ ᠳᠠᠷᠠᠭ᠎ᠠ᠂ ᠵᠢᠢ ᠶᠦᠩ ᠴᠢᠶᠠᠨ᠂ ᠵᠤᠴᠢᠳ ᠤᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠵᠠᠮ ᠬᠠᠷᠢᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠭᠡᠯᠡᠨ ᠬᠠᠲᠠᠭᠤ ᠲᠤᠨᠤᠭ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠥᠯᠥᠨ ᠪᠤᠶᠢᠷ ᠤᠨ ᠭᠠᠵᠠᠷ ᠣᠷᠣᠨ ᠪᠠ ᠣᠯᠠᠨ ᠲᠦᠮᠡᠨ ᠤ ᠮᠥᠰᠥ ᠴᠠᠰᠤᠨ ᠤ ᠤᠯᠠᠷᠢᠯ ᠤᠨ ᠡᠯᠧᠮᠧᠨ᠋ᠲ ᠲᠤ ᠠᠭᠤᠰᠤᠯᠴᠠᠵᠤ᠂ ᠭᠤᠤᠯ ᠰᠡᠳᠦᠪ ᠢᠶᠠᠷ ᠨᠡᠪᠲᠡᠷᠡᠭᠦᠯᠦᠭᠰᠡᠨ᠂ ᠲᠣᠰ ᠲᠣᠰ ᠤᠨ ᠣᠨᠴᠠᠯᠢᠭ ᠲᠠᠢ ᠠᠭᠤᠷ ᠠᠮᠢᠰᠬᠤᠯ ᠢ ᠬᠦᠴᠦᠯᠡᠨ ᠪᠣᠶ ᠪᠣᠯᠭᠠᠵᠤ᠂ ᠡᠯ᠎ᠡ ᠲᠠᠯ᠎ᠠ ᠶᠢᠨ ᠵᠣᠴᠢᠳ ᠲᠤ ᠰᠠᠶᠢᠨ ᠰᠠᠶᠢᠬᠠᠨ ︽ᠬᠥᠯᠥᠨ ᠪᠤᠶᠢᠷ ᠤᠨ ᠰᠠᠭᠤᠭᠳᠠᠯ︾ ᠦᠯᠡᠳᠡᠭᠡᠵᠦ ᠥᠭᠬᠦ ᠬᠡᠷᠡᠭᠲᠡᠶ᠃ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠭᠠᠷᠴᠤ ᠮᠡᠳᠡᠬᠦ ᠨᠢᠭᠲᠠᠴᠠ ᠶᠡᠭᠡ ᠲᠠᠢ ᠶᠡᠭᠡ ᠤᠷᠤᠰᠬᠠᠯ ᠤᠨ ᠠᠶᠠᠨᠴᠢᠳ ᠤᠨ ᠰᠦᠷᠦᠭ ᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠲᠠᠬᠢᠨ ᠳᠠᠪᠲᠠᠨ ᠰᠣᠷᠢᠯᠲᠠ ᠬᠢᠵᠦ᠂ ᠦᠢᠯᠡᠴᠢᠯᠡᠭᠡ ᠶᠢ ᠨᠡᠩ ᠨᠠᠷᠢᠯᠢᠭ᠂ ᠪᠠᠷᠢᠮᠵᠢᠶ᠎ᠠ ᠶᠢ ᠨᠡᠩ ᠴᠢᠩᠭ᠎ᠠ᠂ ᠪᠠᠲᠤᠯᠠᠭ᠎ᠠ ᠶᠢ ᠨᠡᠩ ᠪᠣᠳᠠᠲᠠᠢ ᠪᠣᠯᠭᠠᠬᠤ ᠬᠡᠷᠡᠭᠲᠡᠢ ᠭᠡᠪᠡ᠃
2024-11-19-2(2).jpg
        ᠭᠤᠤᠯ ᠤᠨ ᠪᠠᠷᠠᠭᠤᠨᠳᠡᠬᠢ ᠪᠡᠶ᠎ᠡ ᠶᠢᠨ ᠲᠠᠮᠢᠷ ᠤᠨ ᠴᠡᠴᠡᠷᠯᠢᠭ ᠲᠤ᠂ ᠵᠢᠢ ᠶᠦᠩ ᠴᠢᠶᠠᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ᠂ ᠬᠡᠭᠡᠷᠡᠯᠡᠨ ᠭᠤᠯᠭᠤᠬᠤ ᠤᠷᠤᠯᠳᠤᠭᠠᠨ ᠤ ᠵᠠᠮ ᠪᠣᠯᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠢ ᠳᠠᠭᠠᠭᠠᠴᠢᠯᠠᠨ ᠡᠷᠬᠢᠯᠡᠬᠦ ᠪᠣᠯ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠬᠤᠳᠠᠯᠳᠤᠭᠠᠴᠢᠨ ᠤ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠤᠨ᠎ᠠ᠂ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠵᠤ᠂ ᠴᠠᠭ ᠬᠤᠭᠤᠴᠠᠭ᠎ᠠ ᠶᠢ ᠡᠵᠡᠮᠳᠡᠵᠦ᠂ ᠨᠠᠷᠢᠨ ᠵᠦᠢᠯᠡᠰ ᠢ ᠴᠢᠩᠭ᠎ᠠ ᠠᠩᠬᠠᠷᠴᠤ᠂ ᠨᠢᠭᠲᠠ ᠠᠴᠠ ᠨᠢᠭᠲᠠ ᠠᠬᠢᠭᠤᠯᠵᠤ᠂ ᠡᠬᠢᠯᠡᠯᠲᠡ ᠶᠢᠨ ᠶᠣᠰᠣᠯᠠᠯ ᠢ ᠡᠬᠢᠯᠡᠨ ᠡᠷᠬᠢᠯᠡᠬᠦ ᠬᠡᠷᠡᠭᠲᠡᠢ᠃ ᠦᠷᠭᠦᠯᠵᠢᠯᠡᠬᠦ ᠬᠥᠭᠵᠢᠯᠲᠡ ᠪᠠ ᠠᠭᠤᠰᠤᠯᠴᠠᠨ ᠤᠯᠠᠷᠢᠭᠤᠯᠬᠤ ᠶᠢ ᠴᠢᠬᠤᠯᠠᠴᠢᠯᠠᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠡᠷᠡᠭᠴᠡᠭᠡ ᠶᠢ ᠴᠢᠷᠮᠠᠶᠢᠨ ᠬᠠᠩᠭᠠᠵᠤ᠂ ᠡᠵᠡᠩᠨᠡᠯᠲᠡ ᠶᠢᠨ ᠬᠡᠯᠪᠡᠷᠢ ᠶᠢᠨ ᠦᠢᠯᠡᠳᠬᠦᠨ ᠢ ᠶᠡᠭᠡ ᠪᠠᠷ ᠪᠠᠶᠠᠯᠢᠭᠵᠢᠭᠤᠯᠤᠨ᠂ ᠤᠬᠠᠭᠤᠯᠤᠨ ᠳᠡᠯᠭᠡᠷᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠣᠯᠠᠨ ᠲᠠᠰ ᠳᠠᠪᠬᠤᠷᠭ᠎ᠠ᠂ ᠣᠯᠠᠨ ᠴᠡᠭ ᠲᠤ ᠬᠥᠮᠦᠰ ᠤᠨ ᠬᠦᠷᠢᠶᠡᠯᠡᠯ ᠢ ᠲᠥᠪᠯᠡᠷᠡᠭᠦᠯᠵᠦ᠂ ᠬᠡᠷᠡᠭᠯᠡᠭᠡ ᠶᠢ ᠠᠬᠢᠭᠤᠯᠤᠨ᠂ ᠮᠥᠰᠥ ᠴᠠᠰᠤᠨ ᠤ ᠵᠢᠭᠤᠯᠴᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ ᠭᠡᠵᠦ ᠴᠢᠬᠤᠯᠠᠴᠢᠯᠠᠪᠠ᠃       ᠵᠢᠢ ᠶᠦᠩ ᠴᠢᠶᠠᠨ ᠬᠥᠯᠥᠨ ᠪᠤᠶᠢᠷ ᠤᠨ ᠪᠡᠶ᠎ᠡ ᠶᠢᠨ ᠲᠠᠮᠢᠷ ᠤᠨ ᠣᠷᠳᠣᠨ ᠳᠤ ᠬᠦᠷᠴᠦ᠂ ᠮᠥᠰᠥ ᠴᠠᠰᠤᠨ ᠤ ᠲᠣᠨᠤᠭ ᠲᠥᠬᠦᠭᠡᠷᠦᠮᠵᠢ ᠶᠢᠨ ᠦᠵᠡᠰᠬᠦᠯᠡᠩ ᠤᠨ ᠪᠡᠯᠡᠳᠬᠡᠯ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠴᠤᠭᠯᠠᠭᠠᠨ ᠢᠶᠠᠷ ᠬᠤᠳᠠᠯᠳᠤᠭ᠎ᠠ ᠡᠷᠭᠢᠯᠡᠬᠦ᠂ ᠳᠡᠯᠭᠡᠨ ᠦᠵᠡᠭᠦᠯᠬᠦ ᠪᠠᠷ ᠪᠣᠷᠣᠯᠠᠭᠤᠯᠭ᠎ᠠ ᠶᠢ ᠠᠬᠢᠭᠤᠯᠬᠤ ᠶᠢ ᠪᠠᠷᠢᠮᠲᠠᠯᠠᠨ᠂ ᠬᠦᠢᠲᠡᠨ ᠭᠠᠵᠠᠷ ᠤᠨ ᠮᠥᠰᠥ ᠴᠠᠰᠤᠨ ᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠠᠵᠤ ᠦᠢᠯᠡᠰ ᠤᠨ ᠪᠦᠯᠦᠭᠯᠡᠯ ᠤᠨ ᠳᠠᠪᠠᠭᠤᠯᠢᠭ ᠢᠶᠠᠨ ᠪᠠᠳᠠᠷᠠᠭᠤᠯᠤᠨ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠠᠴᠠ ᠬᠦᠴᠦᠯᠡᠵᠦ᠂ ᠴᠢᠨᠠᠷ ᠰᠠᠶᠢᠲᠠᠶ ᠮᠥᠰᠥ ᠴᠠᠰᠤᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠳᠠᠯᠳᠠ ᠵᠣᠴᠢᠨ ᠡᠷᠦᠬᠡ ᠶᠢ ᠳᠠᠶᠢᠴᠢᠯᠠᠨ᠂ ᠮᠥᠰᠥ ᠴᠠᠰᠤᠨ ᠤ ᠪᠡᠶ᠎ᠡ ᠶᠢᠨ ᠲᠠᠮᠢᠷ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠲᠣᠨᠤᠭ ᠲᠥᠬᠦᠭᠡᠷᠦᠮᠵᠢ᠂ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠬᠡᠷᠡᠭᠯᠡᠭᠡᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠬᠦᠢᠲᠡᠨ ᠭᠠᠵᠠᠷ ᠤᠨ ᠮᠥᠰᠥ ᠴᠠᠰᠤᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ