ᠯᠢ ᠵᠢᠢ ᠷᠦᠩ ᠠᠷᠤᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/19
       11 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠷᠦᠩ ᠠᠷᠤᠨ ᠬᠤᠰᠢᠭᠤᠨ ᠳᠤ ᠭᠦᠨᠵᠡᠭᠡᠶᠢᠷᠡᠵᠦ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠰᠤᠷᠤᠯᠴᠠᠵᠤ ᠰᠤᠳᠤᠯᠤᠨ ᠶᠠᠷᠢᠯᠴᠠᠬᠤ ᠶᠢ ᠲᠣᠭᠤᠷᠢᠨ ᠰᠤᠨᠤᠰᠬᠤ ᠬᠠᠵᠠᠭᠤ ᠠᠴᠠ ᠰᠤᠨᠤᠰᠴᠤ᠂ ᠳᠠᠭᠠᠭᠠᠴᠢᠯᠠᠨ ᠬᠠᠷᠢᠯᠴᠠᠬᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠪᠠᠶᠢᠴᠠᠭᠠᠨ ᠰᠤᠳᠤᠯᠪᠠ᠃       ᠯᠢ ᠵᠢᠶ ᠷᠦᠩ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ︽ᠭᠤᠷᠪᠠᠨ ᠬᠢᠷᠢ ᠲᠦᠪᠰᠢᠨ︾ ᠢ ᠳᠡᠭᠡᠭᠰᠢᠯᠡᠭᠦᠯᠵᠦ᠂ ᠲᠣᠭᠲᠠᠴᠠ ᠶᠢᠨ ᠲᠦᠭᠵᠢᠷᠡᠯ ᠢ ᠰᠢᠢᠳᠪᠦᠷᠢᠯᠡᠬᠦ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠯᠥᠨ ᠪᠤᠶᠢᠷ ᠤᠨ ᠳᠡᠭᠡᠳᠦ ᠲᠡᠰ ᠤᠨ ᠦᠬᠡᠷ ᠬᠤᠨᠢᠨ ᠮᠢᠬᠠᠨ ᠤ ᠲᠦᠷᠦᠯ ᠲᠡᠮᠳᠡᠭ ᠢ ᠴᠢᠷᠮᠠᠶᠢᠨ ᠡᠭᠦᠳᠴᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠡᠨᠡ ᠬᠤᠭᠤᠴᠠᠭᠠᠨ ᠳᠤ᠂ ᠯᠢ ᠵᠢᠢ ᠷᠦᠩ ᠮᠤᠷᠳᠢᠩ ᠲᠣᠰᠬᠤᠨ ᠳᠤ ᠬᠦᠷᠴᠦ ᠬᠠᠪᠰᠤᠷᠤᠨ ᠲᠡᠳᠬᠦᠬᠦ ᠡᠷᠦᠬᠡ ᠰᠢᠤᠸᠠᠢ ᠵᠢᠩ ᠶᠦᠨ ᠢ ᠡᠷᠬᠢᠨ ᠦᠵᠡᠵᠦ᠂ ᠡᠯ᠎ᠡ ᠱᠠᠲᠤᠨ ᠤ ᠬᠢᠨ ᠬᠦᠴᠢᠷᠳᠡᠯᠲᠡᠢ ᠤᠯᠠᠨ ᠲᠦᠮᠡᠨ ᠤ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ