ᠺᠦᠢ ᠪᠢ ︵1903.3 - 1986.2.9︶᠂ ᠡᠷᠭᠦᠭᠰᠡᠨ ᠨᠡᠷ᠎ᠡ ᠽᠢ ᠵᠠᠩ᠂ ᠡᠷᠡᠭᠲᠡᠢ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠲᠦᠮᠡᠳ | ᠬᠤᠰᠢᠭᠤᠨ ᠤ ᠪᠤᠤ ᠲᠦᠩ ᠾᠧ ᠲᠤᠰᠬᠤᠨ ᠤ ᠬᠥᠮᠥᠨ᠂ ᠨᠢᠭᠡᠨ ᠶᠠᠳᠠᠭᠤ ᠲᠠᠷᠢᠶᠠᠴᠢᠨ ᠤ ᠭᠡᠷ ᠲᠤ ᠲᠦᠷᠦᠵᠠᠢ᠃ ᠺᠦᠢ ᠪᠢ ᠪᠠᠭ᠎ᠠ ᠳᠠᠭᠠᠨ ᠬᠥᠬᠡᠬᠤᠲᠠ ᠶᠢᠨ | ᠲᠦᠮᠡᠳ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠳᠤ ᠰᠤᠷᠤᠯᠴᠠᠪᠠ᠃ ︽ᠲᠠᠪᠤᠨ ᠰᠠᠷ᠎ᠠ ᠶᠢᠨ ᠳᠥᠷᠪᠡᠨ︾ ᠤ ᠬᠥᠳᠡᠯᠭᠡᠭᠡᠨ ᠤ ᠬᠤᠭᠤᠴᠠᠭᠠᠨ ᠳᠤ | ᠬᠥᠬᠡᠬᠤᠲᠠ ᠶᠢᠨ ᠰᠤᠷᠤᠭᠴᠢᠳ ᠤᠨ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠡᠬᠡ ᠣᠷᠣᠨᠴᠢ ᠠᠵᠢᠯᠯᠠᠭ᠎ᠠ ᠳᠤ ᠣᠷᠣᠯᠴᠠᠵᠤ ᠥᠩᠭᠡᠷᠡᠵᠡᠢ᠃ | 1923 ᠣᠨ ᠤ ᠨᠠᠮᠤᠷ ᠪᠡᠭᠡᠵᠢᠩ ᠤᠨ ᠮᠣᠩᠭᠤᠯ ᠲᠥᠪᠡᠳ ᠤᠨ ᠰᠤᠷᠭᠠᠭᠤᠯᠢ ᠳᠤ ᠰᠢᠯᠭᠠᠭᠤᠯᠤᠨ ᠣᠷᠣᠭᠰᠠᠨ ᠤ ᠳᠠᠷᠠᠭ᠎ᠠ ᠮᠠᠷᠺᠰ ᠤᠨ ᠦᠵᠡᠯ ᠤᠨ | ᠬᠤᠪᠢᠰᠬᠠᠯ ᠤᠨ ᠦᠵᠡᠯ ᠰᠠᠨᠠᠭ᠎ᠠ ᠶᠢ ᠬᠦᠷᠲᠡᠪᠡ᠃ 1924 ᠣᠨ ᠳᠤ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠵᠠᠯᠠᠭᠤᠴᠤᠳ ᠤᠨ ᠡᠪᠯᠡᠯ ᠳᠤ ᠣᠷᠣᠪᠠ᠃ | ᠵᠢᠯ ᠤᠨ ᠡᠴᠦᠰ ᠲᠤ ᠵᠠᠶᠠᠭᠠᠲᠠᠢ᠂ ᠭᠤᠮᠪᠣᠵᠠᠪ᠂ ᠵᠣᠣ ᠴᠧᠩ ᠨᠠᠷ ᠲᠠᠢ ᠬᠠᠮᠲᠤ ᠰᠦᠢᠶᠤᠸᠠᠨ ᠳᠤ ᠪᠤᠴᠠᠨ ᠢᠷᠭᠡᠨ ᠤ ᠬᠤᠷᠠᠯ ᠤᠨ ᠬᠥᠳᠡᠯᠭᠡᠭᠡᠨ ᠬᠢᠵᠦ᠂ ︽ | ᠰᠦᠢᠶᠤᠸᠠᠨ ᠬᠤᠲᠠ ᠶᠢᠨ ᠢᠷᠭᠡᠨ ᠤ ᠬᠤᠷᠠᠯ ᠢ ᠠᠬᠢᠭᠤᠯᠬᠤ ᠬᠤᠷᠠᠯ︾ ᠤᠨ ᠲᠥᠯᠥᠭᠡᠯᠡᠭᠴᠢ ᠪᠠᠷ ᠰᠣᠩᠭᠤᠭᠳᠠᠪᠠ᠃ | 1925 ᠣᠨ ᠤ 3 ᠰᠠᠷ᠎ᠠ ᠳᠤ ᠪᠡᠭᠡᠵᠢᠩ ᠳᠤ ᠢᠷᠭᠡᠨ ᠤ ᠬᠤᠷᠠᠯ ᠢ ᠠᠬᠢᠭᠤᠯᠬᠤ ᠬᠤᠷᠠᠯ ᠤᠨ ᠪᠦᠬᠦ ᠤᠯᠤᠰ ᠤᠨ ᠲᠥᠯᠥᠭᠡᠯᠡᠭᠴᠢᠳᠤᠨ ᠶᠡᠭᠡ ᠬᠤᠷᠠᠯ ᠳᠤ | ᠣᠷᠣᠯᠴᠠᠪᠠ᠃ ᠲᠤᠰ ᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠪᠥᠭᠡᠳ ᠥᠪᠥᠷ ᠮᠣᠩᠭᠤᠯ ᠤᠨ ᠬᠠᠮᠤᠭ ᠡᠷᠲᠡᠨ ᠤ | ᠬᠤᠪᠢᠰᠬᠠᠯ ᠤᠨ ᠰᠡᠳᠬᠦᠯ ︽ᠮᠣᠩᠭᠤᠯ ᠤᠨ ᠲᠠᠷᠢᠶᠠᠴᠢᠳ︾ ᠢ ᠡᠭᠦᠰᠬᠡᠨ ᠡᠷᠬᠢᠯᠡᠬᠦ ᠳᠤ ᠣᠷᠣᠯᠴᠠᠭᠰᠠᠨ ᠪᠠᠶᠢᠨ᠎ᠠ᠃ ᠤᠳᠠᠯ ᠦᠭᠡᠢ ᠨᠠᠮ ᠤᠨ ᠵᠣᠬᠢᠶᠠᠨ | ᠪᠠᠶᠢᠭᠤᠯᠤᠯᠲᠠ ᠠᠴᠠ ᠲᠡᠭᠦᠨ ᠢ ᠪᠥᠬᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠲᠤ ᠰᠤᠷᠤᠯᠴᠠᠭᠤᠯᠵᠤ᠂ 1927 ᠣᠨ ᠤ ᠡᠬᠢ ᠪᠠᠷ ᠤᠯᠤᠰ ᠲᠤ ᠪᠠᠨ ᠪᠤᠴᠠᠵᠤ᠂ | ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠴᠡᠷᠢᠭ ᠤᠨ ᠮᠣᠷᠢᠲᠤ ᠴᠡᠷᠢᠭ ᠤᠨ ᠨᠢᠭᠡᠳᠦᠭᠡᠷ ᠪᠠᠳ᠋ᠯᠢᠶᠤᠨ ᠪᠠ ᠶᠠᠪᠠᠭᠠᠨ ᠴᠡᠷᠢᠭ ᠤᠨ ᠨᠢᠭᠡᠳᠦᠭᠡᠷ ᠬᠤᠷᠢᠶ᠎ᠠ ᠶᠢᠨ | ᠨᠠᠮ ᠤᠨ ᠲᠥᠯᠥᠭᠡᠯᠡᠭᠴᠢ ᠪᠣᠯᠪᠠ᠃ | 1929 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠣᠩᠭᠤᠯ ᠤᠨ ᠠᠵᠢᠯ ᠤᠨ ᠵᠥᠪᠯᠡᠯ ᠤᠨ ᠭᠡᠰᠢᠭᠦᠨ ᠤ ᠲᠤᠰᠢᠶᠠᠯ ᠢ | ᠬᠠᠷᠢᠭᠤᠴᠠᠵᠤ᠂ ᠬᠥᠬᠡᠬᠤᠲᠠ᠂ ᠪᠤᠭᠤᠲᠤ ᠣᠷᠴᠢᠮ ᠤᠷᠲᠤ ᠬᠤᠭᠤᠴᠠᠭ᠎ᠠ ᠪᠠᠷ ᠨᠢᠭᠤᠴᠠ ᠠᠵᠢᠯ ᠬᠢᠵᠦ ᠪᠠᠶᠢᠪᠠ᠃ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ᠂ | ᠺᠦᠢ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠬᠤᠰᠢᠭᠤᠨ ᠤ ᠮᠣᠩᠭᠤᠯ ᠠᠵᠢᠯ ᠤᠨ ᠵᠥᠪᠯᠡᠯ ᠤᠨ ᠬᠠᠷᠢᠭᠤᠴᠠᠯᠭᠠᠲᠠᠨ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠦᠢᠶᠤᠸᠠᠨ ᠪᠠᠷᠠᠭᠤᠨ ᠣᠷᠣᠨ ᠤ ᠬᠤᠷᠢᠶ᠎ᠠ ᠶᠢᠨ ᠮᠣᠩᠭᠤᠯ ᠠᠷᠠᠳ ᠤᠨ ᠬᠡᠯᠲᠡᠰ ᠤᠨ ᠳᠠᠷᠤᠭ᠎ᠠ ᠪᠣᠯᠵᠤ᠂ ᠮᠣᠩᠭᠤᠯ ᠦᠨᠳᠦᠰᠦᠲᠡᠨ ᠤ | ᠠᠵᠢᠯ ᠢ ᠥᠷᠨᠢᠭᠦᠯᠵᠦ᠂ ᠮᠣᠩᠭᠤᠯ ᠦᠨᠳᠦᠰᠦᠲᠡᠨ ᠤ ᠶᠠᠫᠤᠨ ᠢ ᠡᠰᠡᠷᠭᠦᠴᠡᠬᠦ ᠶᠢ ᠳᠠᠶᠢᠴᠢᠯᠠᠵᠤ᠂ ᠮᠣᠩᠭᠤᠯ ᠦᠨᠳᠦᠰᠦᠲᠡᠨ ᠤ ᠺᠠᠳ᠋ᠷ ᠢ ᠬᠥᠮᠥᠵᠢᠭᠦᠯᠪᠡ᠃ | 1945 ᠣᠨ ᠳᠤ ᠶᠠᠨ ᠠᠨ ᠳᠤ ᠬᠦᠷᠴᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠯᠣᠳᠤᠭᠠᠷ ᠶᠡᠭᠡ ᠬᠤᠷᠠᠯ ᠳᠤ ᠣᠷᠣᠯᠴᠠᠪᠠ᠃ ᠶᠠᠫᠤᠨ ᠢ | ᠡᠰᠡᠷᠭᠦᠴᠡᠬᠦ ᠲᠠᠶᠢᠨ ᠢᠯᠠᠯᠲᠠ ᠣᠯᠬᠤ ᠠᠴᠠ ᠡᠮᠦᠨᠡᠬᠡᠨ᠂ ᠺᠦᠢ ᠪᠢ ᠥᠪᠥᠷ ᠮᠣᠩᠭᠤᠯ ᠳᠤ ᠪᠠᠨ ᠪᠤᠴᠠᠵᠤ ᠥᠪᠥᠷ ᠮᠣᠩᠭᠤᠯ ᠤᠨ ᠴᠢᠯᠦᠭᠡᠯᠡᠯᠲᠡ ᠶᠢᠨ ᠦᠢᠯᠡᠰ ᠲᠤ | ᠤᠷᠤᠯᠴᠠᠵᠤ᠂ ᠢᠯᠠᠩᠭᠤᠶ᠎ᠠ ᠨᠠᠮ ᠤᠨ ᠤᠳᠤᠷᠢᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠳᠤ ᠣᠷᠣᠯᠴᠠᠪᠠ᠃ ᠤᠷᠢᠳ ᠬᠤᠵᠢᠳ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠲᠠᠯ᠎ᠠ ᠤᠯᠠᠭᠠᠨᠴᠠᠪ ᠤᠨ ᠠᠵᠢᠯ ᠤᠨ ᠵᠥᠪᠯᠡᠯ ᠤᠨ ᠱᠦᠵᠢ᠂ ᠪᠠᠶᠠᠨᠲᠠᠯ᠎ᠠ ᠤᠯᠠᠭᠠᠨᠴᠠᠪ ᠤᠨ | ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ᠂ ᠰᠢᠯᠢ ᠶᠢᠨ ᠭᠤᠣᠯ ᠴᠠᠬᠠᠷ ᠤᠨ ᠠᠵᠢᠯ ᠤᠨ ᠵᠥᠪᠯᠡᠯ ᠤᠨ ᠱᠦᠵᠢ ᠪᠣᠯᠣᠨ ᠰᠢᠯᠢ ᠶᠢᠨ ᠭᠤᠣᠯ | ᠴᠠᠬᠠᠷ ᠤᠨ ᠵᠠᠰᠠᠭ ᠵᠠᠬᠢᠷᠭᠠᠨ ᠤ ᠵᠥᠪᠯᠡᠯ ᠤᠨ ᠡᠷᠬᠢᠯᠡᠭᠴᠢ᠂ ᠰᠢᠯᠢ ᠶᠢᠨ ᠭᠤᠣᠯ ᠴᠠᠬᠠᠷ ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠾᠧᠪᠧᠢ ᠿᠧᠾᠧ ᠴᠠᠬᠠᠷ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ | ᠭᠡᠰᠢᠭᠦᠨ ᠪᠠ ᠠᠷᠠᠳ ᠤᠨ ᠶᠠᠪᠤᠳᠠᠯ ᠤᠨ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠵᠥᠪᠯᠡᠯ ᠤᠨ ᠭᠡᠰᠢᠭᠦᠨ ᠵᠡᠷᠭᠡ | ᠲᠤᠰᠢᠶᠠᠯ ᠢ ᠬᠠᠷᠢᠭᠤᠴᠠᠵᠤ ᠪᠠᠶᠢᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠺᠦᠢ ᠪᠢ ᠨᠥᠬᠦᠷ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠮᠧᠩ ᠰᠦᠢ ᠬᠤᠪᠢᠶᠠᠷᠢ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠲᠣᠪᠴᠢᠶᠠᠨ ᠤ ᠳᠡᠳ᠋ | ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠳᠡᠳ᠋ ᠱᠦᠵᠢ᠂ ᠱᠦᠵᠢ ᠨᠠᠷ ᠤᠨ | ᠭᠠᠵᠠᠷ ᠤᠨ ᠱᠦᠵᠢ ᠪᠥᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ | ᠵᠥᠪᠯᠡᠯ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠥᠩᠭᠡᠷᠡᠪᠡ᠃ ᠰᠦᠢᠶᠤᠸᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠳᠡᠳ᠋ ᠡᠷᠬᠢᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠵᠥᠪᠯᠡᠭᠴᠢ ᠶᠢᠨ ᠬᠤᠷᠢᠶ᠎ᠠ ᠶᠢᠨ ᠭᠡᠰᠢᠭᠦᠨ ᠪᠣᠯᠣᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠵᠡᠷᠭᠡ ᠲᠤᠰᠢᠶᠠᠯ ᠢ ᠬᠠᠷᠢᠭᠤᠴᠠᠵᠤ ᠥᠩᠭᠡᠷᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ | ᠬᠤᠶᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠲᠡ ᠬᠤᠷᠠᠯ ᠳᠡᠭᠡᠷ᠎ᠡ ᠺᠦᠢ ᠪᠢ ᠨᠥᠬᠦᠷ ᠪᠦᠬᠦᠳᠡ ᠬᠤᠷᠠᠯ ᠳᠤ ᠭᠤᠶᠤᠴᠢᠯᠠᠨ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠥᠪᠯᠡᠭᠴᠢ ᠶᠢᠨ ᠬᠤᠷᠢᠶ᠎ᠠ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠪᠠ᠃ | 1986 ᠣᠨ ᠤ 2 ᠳ᠋ᠤᠭᠠᠷ ᠰᠠᠷ᠎ᠠ ᠶᠢᠨ 9 ᠤ ᠡᠳᠦᠷ ᠺᠦᠢ ᠪᠢ ᠨᠥᠬᠦᠷ ᠡᠪᠡᠳᠴᠢᠨ ᠢᠶᠠᠷ ᠨᠠᠰᠤ ᠪᠠᠷᠠᠪᠠ᠃ |