ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠤᠷᠪᠠᠨ ᠱᠠᠲᠤᠨ ᠤ ᠲᠣᠭᠲᠠᠭᠰᠠᠨ ᠴᠡᠭ ᠤᠨ ᠡᠮᠴᠢᠯᠡᠭᠡᠨ ‍ᠤ‌‍ᠪᠠᠶᠢᠭᠤᠯᠤᠮᠵᠢ ᠶᠢᠨ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠸᠢᠳᠢᠣ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/21
       2024 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ‌ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠪᠥᠬᠦ ᠣᠷᠣᠨ ᠤ ᠭᠤᠷᠪᠠᠨ ᠱᠠᠲᠤᠨ ᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠸᠢᠳᠢᠣ᠋ ᠬᠤᠷᠠᠯ ᠬᠤᠷᠠᠯᠳᠤᠭᠤᠯᠪᠠ᠃
6386771798287154633816887.jpg   
       ᠬᠤᠷᠠᠯ ᠳᠡᠭᠡᠷ᠎ᠡ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤᠮᠳᠠ ᠰᠠᠬᠢᠯᠭ᠎ᠠ ᠪᠠᠲᠤ ᠪᠠᠶᠢᠴᠠᠭᠠᠬᠤ‌‍ᠬᠢᠨᠠᠨ ᠪᠠᠶᠢᠴᠠᠭᠠᠬᠤ ᠪᠠᠶᠢᠭᠤᠯᠭ᠎ᠠ ᠲᠠᠢ ᠮᠡᠳᠡᠭᠡ ᠵᠠᠩᠭᠢ ᠶᠢ ᠨᠡᠪᠲᠡᠷᠡᠯᠴᠡᠭᠦᠯᠬᠦ ᠪᠠᠨ ᠴᠢᠩᠭᠠᠳᠬᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠵᠢᠨ‌‍ᠲ᠋ᠣᠪᠴᠢᠶᠠᠨ ᠤ ᠮᠡᠳᠡᠭᠳᠡᠯ︾ ᠤᠨ ᠭᠤᠤᠯ ᠵᠣᠷᠢᠭ‌‍ᠰᠠᠨᠠᠭ᠎ᠠ ᠶᠢ ᠤᠯᠠᠮᠵᠢᠯᠠᠭᠰᠠᠨ ᠪᠥᠭᠡᠳ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠥᠪᠡᠷᠲᠡᠭᠡᠨ‌‍ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠠᠵᠢᠯ ᠢ ᠥᠷᠨᠢᠭᠦᠯᠬᠦ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠳᠤᠷᠠᠳᠪᠠ᠃ ᠲᠣᠭᠲᠠᠭᠰᠠᠨ ᠴᠡᠭ ᠤᠨ ᠡᠮᠴᠢᠯᠡᠭᠡᠨ ‍ᠤ‌‍ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠥᠪᠡᠷᠲᠡᠭᠡᠨ ᠪᠠᠶᠢᠴᠠᠭᠠᠬᠤ᠂ ᠥᠪᠡᠷᠲᠡᠭᠡᠨ ᠬᠠᠮᠢᠶᠠᠷᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠠᠵᠢᠯ ᠤᠨ ᠵᠢᠯᠣᠭᠤᠳᠣᠯᠭ᠎ᠠ ᠪᠠ ᠰᠢᠮᠳᠠᠭᠤᠯᠤᠯᠲᠠ‌‍ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠶ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠦᠢᠯᠡᠳᠦᠯᠴᠡᠯ᠂ ᠮᠡᠳᠡᠭᠡ‌ᠵᠠᠩᠭᠢ ᠶᠢᠨ ᠨᠡᠪᠲᠡᠷᠡᠯᠴᠡᠭᠡ᠂ ᠬᠡᠷᠡᠭ ᠤᠨ ᠬᠠᠷᠢᠯᠴᠠᠨ ᠰᠢᠯᠵᠢᠯᠲᠡ ᠶᠢ ᠴᠢᠩᠭᠠᠷᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠲᠤ ᠪᠠᠷ ᠬᠦᠴᠦᠯᠡᠬᠦ᠂ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠲᠣᠭᠲᠠᠭᠰᠠᠨ ᠴᠡᠭ ᠤᠨ ᠡᠮᠴᠢᠯᠡᠭᠡᠨ ‍ᠤ‌‍ᠪᠠᠶᠢᠭᠤᠯᠤᠮᠵᠢ ᠨᠤᠭᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠢᠨᠠᠮᠠᠭᠠᠶ ᠵᠣᠬᠢᠶᠠᠨ ᠪᠠᠶᠢᠭᠤᠯᠵᠤ᠂ ᠠᠰᠠᠭᠤᠳᠠᠯ ᠤᠨ ᠨᠠᠷᠢᠨ ᠳᠠᠩᠰᠠ ᠲᠠᠢ‌ᠬᠠᠷᠢᠴᠠᠭᠤᠯᠤᠨ᠂ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃       ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠥᠬᠦᠶ‌ᠬᠠᠷᠢᠭᠤᠴᠠᠯᠭᠠᠲᠠᠳ᠂ ᠪᠥᠬᠦ ᠣᠷᠣᠨ ᠤ ᠭᠤᠷᠪᠠᠨ ᠱᠠᠲᠤᠨ ᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠳ ᠬᠤᠷᠠᠯ ᠳ᠋ᠤ᠋‌ᠣᠷᠣᠯᠴᠠᠪᠠ᠃ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠮᠴᠢᠯᠡᠬᠡᠨ ᠤ ᠪᠠᠲᠤᠯᠠᠭ᠎ᠠ ᠶᠢᠨ ᠲᠤᠪᠴᠢᠶ᠎ᠠ