ᠰᠤᠷᠭᠠᠨ ᠬᠥᠮᠦᠵᠢᠯ ᠤᠨ ᠶᠠᠮᠤᠨ᠄ 985 ᠶᠡᠭᠡ ᠳᠡᠭᠡᠳᠦ ᠰᠤᠷᠭᠠᠭᠤᠯᠢ᠂ 211 ᠶᠡᠭᠡ ᠳᠡᠭᠡᠳᠦ ᠰᠤᠷᠭᠠᠭᠤᠯᠢ ᠵᠡᠷᠭᠡ ᠪᠠᠷ ᠬᠢᠵᠠᠭᠠᠷᠯᠠᠨ ᠠᠵᠢᠯᠲᠠᠨ ᠡᠯᠰᠡᠬᠦ‌ᠮᠡᠳᠡᠭᠡ ᠵᠠᠩᠭᠢ ᠨᠡᠶᠢᠲᠡᠯᠡᠬᠦ ᠶᠢ ᠴᠢᠩᠭ᠎ᠠ ᠬᠤᠷᠢᠬᠯᠠᠨ᠎ᠠ︕
ᠨᠡᠶᠢᠲᠡᠯᠡᠭᠰᠡᠨ ᠴᠠᠭ᠄
2024/11/21
       ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ︽2025 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ︽2025 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠬᠤ ᠪᠠ‌ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭ᠎ᠠ︾ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠶ ᠬᠦᠢᠴᠡᠳ ᠠᠵᠢᠯ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠲᠤᠬᠠᠶ ᠪᠠᠶᠢᠷᠢᠯᠠᠭᠤᠯᠪᠠ᠃       ︽ᠮᠡᠳᠡᠭᠳᠡᠯ︾ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ‌‍ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ︽ᠭᠤᠷᠪᠠ ᠶᠢ ᠴᠢᠩᠭ᠎ᠠ ᠬᠤᠷᠢᠬᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ︵985 ᠶᠡᠭᠡ ᠳᠡᠭᠡᠳᠦ ᠰᠤᠷᠭᠠᠭᠤᠯᠢ᠂ 211 ᠶᠡᠭᠡ ᠳᠡᠭᠡᠳᠦ ᠰᠤᠷᠭᠠᠭᠤᠯᠢ ᠵᠡᠷᠭᠡ ᠪᠠᠷ ᠬᠢᠵᠠᠭᠠᠷᠯᠠᠨ ᠠᠵᠢᠯᠲᠠᠨ ᠡᠯᠰᠡᠬᠦ ᠮᠡᠳᠡᠭᠡ ᠵᠠᠩᠭᠢ ᠨᠡᠶᠢᠲᠡᠯᠡᠬᠦ ᠶᠢ ᠴᠢᠩᠭ᠎ᠠ‌ᠬᠤᠷᠢᠬᠯᠠᠬᠤ᠂ ᠤᠯᠤᠰ ᠤᠨ ᠲᠣᠭᠲᠠᠭᠠᠯ ᠠᠴᠠ ᠵᠥᠷᠢᠴᠡᠭᠰᠡᠨ ᠬᠤᠯᠪᠣᠭᠳᠠᠯ ᠪᠥᠬᠦᠶ ᠬᠦᠢᠰᠦ ᠶᠢᠨ ᠢᠯᠭᠠᠯ᠂ ᠡᠷᠦᠬᠡ ᠠᠮᠠ ᠶᠢᠨ ᠲᠠᠩᠰᠠ᠂ ᠰᠤᠷᠤᠯᠭ᠎ᠠ ᠶᠢᠨ ᠨᠠᠮᠲᠠᠷ‌ᠵᠡᠷᠭᠡ ᠭᠠᠳᠠᠭᠤᠷᠴᠢᠯᠠᠬᠤ ᠴᠢᠨᠠᠷᠲᠠᠶ ᠵᠦᠢᠯ ᠵᠤᠷᠪᠤᠰ ᠪᠦᠬᠦᠢ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠨᠡᠶᠢᠲᠡᠯᠡᠬᠦ ᠶᠢ ᠴᠢᠩᠭ᠎ᠠ ᠬᠤᠷᠢᠬᠯᠠᠬᠤ᠂ ᠬᠤᠳᠠᠯ‌ᠬᠠᠭᠤᠷᠮᠠᠭ ᠪᠠ ᠮᠡᠬᠡᠯᠡᠨ ᠬᠢᠬᠠᠬᠤ ᠵᠡᠷᠭᠡ ᠬᠠᠤᠯᠢ ᠪᠤᠰᠤ ᠠᠵᠢᠯ ᠣᠯᠭᠤᠯᠲᠠ ᠶᠢᠨ ᠮᠡᠳᠡᠭᠡ ᠵᠠᠩᠭᠢ ᠨᠡᠶᠢᠲᠡᠯᠡᠬᠦ ᠶᠢ ᠴᠢᠩᠭ᠎ᠠ ᠬᠤᠷᠢᠬᠯᠠᠬᠤ︶᠂ ᠠᠵᠢᠯ‌ᠣᠯᠭᠤᠬᠤ‌‍ᠲ᠋ᠥ᠋ᠪ ᠭᠤᠤᠯᠴᠢ ᠣᠷᠴᠢᠨ ᠨᠥᠬᠦᠴᠡᠯ ᠢ ᠢᠳᠡᠪᠬᠢᠲᠡᠶ ᠪᠣᠶ ᠪᠣᠯᠭᠠᠬᠤ ᠭᠡᠷᠡᠭᠳᠡᠢ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠤᠷᠢᠵᠤ ᠬᠡᠷᠡᠭᠯᠡᠬᠦ‌ᠮᠡᠬᠡᠯᠡᠯ ᠵᠡᠷᠭᠡ ᠠᠵᠢᠯ ᠣᠯᠭᠤᠯᠲᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠦᠭᠭᠦ ᠭᠡᠷᠡᠭᠳᠡᠢ᠃ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠬᠢᠨᠠᠨ ᠬᠠᠷᠭᠤᠭᠤᠯᠬᠤ ᠡᠷᠴᠢᠮ ᠢ ᠴᠢᠩᠭᠠᠷᠠᠭᠤᠯᠵᠤ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠴᠤᠭᠯᠠᠭᠤᠯᠬᠤ ᠵᠢ‌‍ᠴᠢᠩᠭ᠎ᠠ ᠵᠢᠷᠤᠮᠵᠢᠭᠤᠯᠵᠤ᠂ ᠡᠯ᠎ᠡ ᠲᠥᠷᠥᠯ ᠤᠨ ᠬᠤᠳᠠᠯ ᠬᠠᠭᠤᠷᠮᠠᠭ ᠮᠡᠳᠡᠭᠡ ᠵᠠᠩᠭᠢ ᠶᠢ ᠴᠠᠭ ᠲᠤᠬᠠᠶ ᠳᠤᠨᠢ ᠠᠷᠢᠯᠭᠠᠬᠤ ᠭᠡᠷᠡᠭᠳᠡᠢ ᠭᠡᠵᠦ ᠱᠠᠭᠠᠷᠳᠠᠪᠠ᠃  
ᠢᠷᠡᠯᠲᠡ᠄ ᠠᠷᠠᠳ ᠤᠨ ᠮᠤᠩᠭᠤᠯ ᠰᠦᠯᠵᠢᠶ᠎ᠡ