ᠮᠠᠨ ᠤ ᠣᠷᠣᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠨᠡᠶᠢᠳᠬᠡᠵᠦ ᠬᠠᠮᠲᠤ ᠪᠠᠷ ᠭᠥᠷᠳᠡᠬᠦ ᠥᠭᠡᠷᠡᠴᠢᠯᠡᠯᠲᠡ ᠳᠤ ᠰᠢᠨ᠎ᠡ | ᠦᠷ᠎ᠡ ᠪᠦᠲᠦᠮᠵᠢ ᠣᠯᠪᠠ᠃ ᠵᠠᠰᠠᠭ ᠤᠨ ᠣᠷᠳᠣᠨ ᠤ ᠬᠤᠳᠠᠯᠳᠤᠨ ᠠᠪᠬᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠵᠡᠷᠭᠡ ︽4 ᠶᠡᠭᠡ ᠲᠦᠷᠦᠯ︾ ᠢ ᠨᠢᠭᠡᠨᠲᠡ | ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠡᠨᠧᠷᠭᠢ ᠶᠢᠨ ᠰᠠᠭᠤᠷᠢ ᠪᠡᠯᠡᠳᠬᠡᠮᠵᠢ᠂ ᠤᠰᠤᠨ ᠤ ᠡᠷᠬᠡ ᠶᠢᠨ ᠠᠷᠠᠯᠵᠢᠶ᠎ᠠ᠂ ᠬᠥᠳᠡᠭᠡ ᠲᠣᠰᠬᠤᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠠᠷᠠᠯᠵᠢᠶ᠎ᠠ ᠵᠡᠷᠭᠡ ︽11 ᠶᠡᠭᠡ ᠲᠦᠷᠦᠯ︾ ᠢ ᠲᠠᠪᠴᠠᠩ ᠳᠤ ᠣᠷᠣᠭᠤᠯᠤᠨ ᠠᠷᠠᠯᠵᠢᠶᠠᠯᠠᠬᠤ ᠪᠣᠯᠲᠠᠯ᠎ᠠ ᠠᠭᠠᠵᠢᠮ ᠢᠶᠠᠷ ᠥᠷᠭᠡᠳᠬᠡᠪᠡ᠃ | ᠣᠳᠣᠬᠠᠨ ᠳᠤ᠂ 1759 ᠲᠥᠷᠥᠯ ᠵᠦᠢᠯ ᠢ ᠨᠢᠭᠡᠨᠲᠡ ᠲᠠᠪᠴᠠᠩ ᠳᠤ ᠣᠷᠣᠭᠤᠯᠤᠨ ᠠᠷᠠᠯᠵᠢᠶᠠᠯᠠᠵᠦ᠂ ᠠᠷᠠᠯᠵᠢᠶᠠᠯᠠᠭᠰᠠᠨ ᠵᠣᠭᠤᠰᠤᠨ ᠤ ᠲᠤᠭ᠎ᠠ ᠨᠢ 676.82 | ᠳ᠋ᠦᠩᠰᠢᠭᠤᠷ ᠲᠥᠭᠦᠷᠢᠭ ᠲᠤ ᠬᠦᠷᠴᠦ᠂ 32.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠠᠷᠪᠢᠯᠠᠪᠠ᠃ ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶᠠᠨ ᠤ | ᠪᠥᠬᠦ ᠣᠷᠣᠨ ᠢᠶᠠᠷ ᠢᠶᠠᠨ ︽ᠨᠢᠭᠡ ᠰᠦᠯᠵᠢᠶ᠎ᠡ︾ ᠶᠢᠨ ᠰᠢᠰᠲ᠋ᠧᠮ ᠲᠠᠢ ᠪᠠᠶᠢᠬᠤ ᠳᠠᠪᠠᠭᠤᠯᠢᠭ ᠢ ᠪᠠᠳᠠᠷᠠᠭᠤᠯᠤᠭᠠᠳ ᠰᠦᠯᠵᠢᠶᠡᠨ ᠳᠤ ᠣᠷᠣᠭᠤᠯᠤᠭᠰᠠᠨ ᠠᠴᠠ ᠨᠠᠭᠠᠰᠢ | ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠨᠡᠶᠢᠲᠡ 8472 ᠠᠷᠠᠯᠵᠢᠶᠠᠯᠠᠵᠤ᠂ ᠠᠷᠠᠯᠵᠢᠶᠠᠨ ᠤ ᠵᠣᠭᠤᠰᠤᠨ ᠤ ᠲᠤᠭ᠎ᠠ 1588.3 | ᠳ᠋ᠦᠩᠰᠢᠭᠤᠷ ᠲᠥᠭᠦᠷᠢᠭ ᠲᠤ ᠬᠦᠷᠴᠦ᠂ ᠥᠰᠦᠭᠰᠡᠨ ᠦᠨ᠎ᠡ ᠶᠢᠨ ᠵᠣᠭᠤᠰᠤᠨ ᠤ ᠲᠤᠭ᠎ᠠ 420 ᠳ᠋ᠦᠩᠰᠢᠭᠤᠷ ᠲᠥᠭᠦᠷᠢᠭ ᠲᠤ ᠬᠥᠷᠪᠡ᠃ ᠢᠯᠠᠩᠭᠤᠶ᠎ᠠ ᠵᠠᠬ᠎ᠠ | ᠳᠡᠯᠭᠡᠭᠦᠷᠴᠢᠯᠡᠨ ᠰᠢᠯᠵᠢᠭᠦᠯᠵᠦ ᠬᠤᠳᠠᠯᠳᠤᠭᠰᠠᠨ ︽ᠨᠠᠷᠢᠨ ᠭᠤᠣᠯ ᠤᠨ ᠪᠠᠶᠠᠨ ᠴᠠᠶᠢᠳᠠᠮ ᠤᠨ ᠠᠭᠤᠷᠬᠠᠢ ᠶᠢᠨ ᠰᠠᠪᠠ︾ ︽ᠵᠡᠭᠦᠨᠭᠠᠷ ᠬᠠᠳᠠᠲᠤ ᠠᠭᠤᠷᠬᠠᠢ ᠶᠢᠨ | ᠰᠠᠪᠠ︾ ︽ᠪᠠᠳᠠᠢ ᠶᠢᠨ ᠵᠢᠷᠠᠨ ᠤ ᠵᠡᠭᠦᠨ ᠬᠡᠰᠡᠭ ᠤᠨ ᠵᠡᠰ ᠤᠨ ᠣᠯᠠᠨ ᠲᠡᠮᠦᠷᠯᠢᠭ ᠤᠨ ᠠᠭᠤᠷᠬᠠᠢ ᠶᠢᠨ ᠨᠡᠶᠢᠳᠡᠮ ᠪᠠᠶᠢᠴᠠᠭᠠᠯᠲᠠ︾ ᠭᠤᠷᠪᠠᠨ ᠠᠭᠤᠷᠬᠠᠢ ᠬᠠᠶᠢᠬᠤ | ᠡᠷᠬᠡ ᠶᠢᠨ ᠥᠰᠦᠭᠰᠡᠨ ᠦᠨ᠎ᠡ ᠶᠢᠨ ᠨᠣᠷᠮ᠎ᠠ ᠲᠣᠰ ᠪᠦᠷᠢ 300%᠂ 1155% ᠪᠠ 2969% ᠳᠤ ᠬᠦᠷᠴᠦ᠂ ᠨᠡᠶᠢᠲᠡ ᠥᠰᠦᠭᠰᠡᠨ ᠦᠨ᠎ᠡ ᠶᠢᠨ | ᠵᠣᠭᠤᠰᠤᠨ ᠤ ᠲᠤᠭ᠎ᠠ ᠨᠢ 340 ᠳ᠋ᠦᠩᠰᠢᠭᠤᠷ ᠲᠥᠭᠦᠷᠢᠭ ᠲᠤ ᠬᠦᠷᠴᠡᠢ᠃ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ 1 ᠠᠴᠠ 10 ᠳ᠋ᠤᠭᠠᠷ ᠰᠠᠷ᠎ᠠ ᠳᠤ᠂ ᠪᠥᠬᠦ ᠣᠷᠣᠨ ᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠤᠭᠰᠠᠨ ᠲᠥᠷᠥᠯ ᠵᠦᠢᠯ ᠨᠡᠶᠢᠲᠡ 16.8 | ᠲᠦᠮᠡᠨ ᠵᠦᠢᠯ ︵ᠡᠯᠧᠺᠳ᠋ᠷᠣᠨ ᠬᠤᠳᠠᠯᠳᠤᠭᠠᠨ ᠤ ᠲᠠᠯᠠᠪᠤᠷ ᠢ ᠪᠠᠭᠲᠠᠭᠠᠨ᠎ᠠ︶ ᠪᠠᠶᠢᠵᠤ᠂ ᠠᠷᠠᠯᠵᠢᠶᠠᠯᠠᠭᠰᠠᠨ ᠵᠣᠭᠤᠰᠤᠨ ᠤ ᠲᠤᠭ᠎ᠠ 3023.5 ᠳ᠋ᠦᠩᠰᠢᠭᠤᠷ | ᠲᠥᠭᠦᠷᠢᠭ ᠲᠤ ᠬᠦᠷᠴᠦ᠂ 70.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠠᠷᠪᠢᠯᠠᠪᠠ᠃ ︵ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ︶ | |