ᠥᠪᠥᠷ ᠮᠣᠩᠭᠤᠯ ᠤᠨ ᠶᠡᠭᠡ ᠰᠤᠷᠭᠠᠭᠤᠯᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠳᠤ ᠬᠦᠴᠦᠨ ᠨᠡᠮᠡᠷᠢᠯᠡᠵᠦ ᠪᠤᠢ᠃ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠵᠠᠬ᠎ᠠ ᠳᠡᠯᠭᠡᠭᠦᠷ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ᠂ ᠤᠷᠮᠠᠰᠢᠭᠤᠯᠬᠤ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠂ ᠵᠠᠬ᠎ᠠ ᠳᠡᠯᠭᠡᠭᠦᠷᠴᠢᠯᠡᠨ ᠡᠵᠡᠩᠨᠡᠨ ᠠᠵᠢᠯᠯᠠᠭᠤᠯᠬᠤ ᠲᠣᠭᠲᠠᠴᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠵᠠᠮ ᠢ ᠰᠠᠭᠠᠳ ᠦᠭᠡᠢ ᠨᠡᠪᠲᠡᠷᠡᠭᠦᠯᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠᠨ ᠴᠢᠩᠭᠠᠳᠬᠠᠪᠠ᠃ ᠤᠷᠴᠢᠮ ᠤᠨ ᠭᠤᠷᠪᠠᠨ ᠵᠢᠯ ᠳᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ 46 ᠵᠦᠢᠯ ᠪᠠᠶᠢᠵᠦ᠂ ᠬᠥᠨᠳᠡᠯᠡᠨ ᠴᠢᠭᠯᠡᠯ ᠢᠶᠠᠷ ᠰᠤᠳᠤᠯᠭᠠᠨ ᠤ ᠰᠡᠳᠦᠪ ᠦᠷᠨᠢᠭᠦᠯᠬᠦ ᠪᠠᠷ | ᠳᠠᠮᠵᠢᠨ ᠳᠠᠩᠰᠠᠨ ᠳᠤ ᠤᠷᠤᠭᠤᠯᠤᠭᠰᠠᠨ ᠵᠠᠷᠤᠳᠠᠯ ᠮᠦᠩᠭᠦ 6567 ᠲᠦᠮᠡᠨ ᠲᠥᠭᠦᠷᠢᠭ ᠲᠤ ᠬᠦᠷᠪᠡ︔ ᠬᠤᠶᠠᠳᠤᠭᠠᠷ ᠨᠢᠭᠡᠴᠢ ᠶᠢᠨ ᠬᠤᠪᠢ ᠪᠠᠷ ᠬᠠᠮᠲᠤᠷᠠᠨ | ᠪᠡᠶᠡᠯᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠣᠯᠬᠤ ︽ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ | ᠣᠷᠣᠨ ᠤ ᠰᠠᠯᠬᠢᠨ ᠳᠤ ᠢᠳᠡᠭᠳᠡᠵᠦ ᠮᠠᠭᠤᠲᠠᠭᠰᠠᠨ ᠲᠠᠷᠢᠶᠠᠨ ᠭᠠᠵᠠᠷ ᠤᠨ ᠳᠠᠬᠢᠵᠦ ᠰᠡᠷᠭᠦᠭᠦ ᠬᠦᠴᠦᠨ ᠢ ᠪᠤᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠬᠢᠭᠡᠳ | ᠬᠡᠷᠡᠭᠯᠡᠯᠲᠡ︾ ᠨᠢ 2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃ | ᠨᠢᠭᠡᠳᠦᠭᠡᠷ ᠮᠡᠷᠭᠡᠵᠢᠯ ᠢ ᠡᠵᠡᠮᠰᠢᠵᠦ ᠪᠡᠶᠡᠯᠡᠭᠦᠯᠦᠭᠰᠡᠨ ᠨᠢᠭᠡᠴᠢ ᠪᠣᠯᠤᠭᠰᠠᠨ ᠤ ᠬᠤᠪᠢ ᠳᠤ ᠪᠤᠶᠢᠵᠢᠭᠤᠯᠤᠭᠰᠠᠨ ︽ᠬᠤᠸᠠ ᠮᠧᠩ ᠠᠯᠠᠰᠢᠨ ᠬᠤᠨᠢ︾ ᠶᠢᠨ ᠰᠢᠨ᠎ᠡ | ᠡᠭᠦᠯᠳᠡᠷ ᠪᠠ ᠬᠠᠮᠲᠤᠷᠠᠨ ᠪᠤᠶᠢᠵᠢᠭᠤᠯᠤᠭᠰᠠᠨ ᠠᠯᠠᠰᠢᠨ ᠬᠤᠨᠢᠨ ᠤ ᠰᠢᠨ᠎ᠡ ᠡᠭᠦᠯᠳᠡᠷ ᠪᠣᠯᠬᠤ ︽ᠳ᠋ᠦ᠋ ᠮᠧᠩ ᠬᠤᠨᠢ︾ ᠶᠢ ᠤᠯᠤᠰ ᠤᠨ ᠤᠳᠤᠮᠯᠠᠯ ᠤᠨ ᠡᠬᠢ | ᠪᠠᠶᠠᠯᠢᠭ ᠤᠨ ᠺᠣᠮᠢᠰ ᠠᠴᠠ ᠬᠢᠨᠠᠨ ᠲᠤᠭᠲᠠᠭᠠᠵᠠᠢ︔ ᠣᠯᠠᠨ ᠤᠯᠤᠰ ᠤᠨ ᠠᠩᠬᠠᠳᠠᠭᠴᠢ ᠮᠣᠩᠭᠤᠯ ᠬᠤᠨᠢᠨ ᠤ ᠤᠳᠤᠮ ᠤᠨ ᠬᠤᠨᠢᠨ ᠤ ᠦᠷᠡᠵᠢᠯ ᠤᠨ ᠴᠢᠳᠠᠪᠤᠷᠢ ᠶᠢ | ᠪᠠᠶᠢᠴᠠᠭᠠᠨ ᠰᠢᠯᠭᠠᠬᠤ ᠳᠣᠤᠷ᠎ᠠ ᠨᠢᠭᠲᠠᠴᠠ ᠲᠠᠢ SNP ᠭᠧᠨ ᠤ ᠴᠢᠫ ᠢ ᠰᠤᠳᠤᠯᠤᠨ ᠦᠢᠯᠡᠳᠪᠡ︔ ᠲᠦᠷᠦᠭᠦᠯᠡᠨ ᠬᠢᠵᠦ ᠰᠤᠳᠤᠯᠤᠨ ᠨᠡᠭᠡᠭᠡᠭᠰᠡᠨ ᠰᠠᠭᠠᠯᠢ ᠶᠢᠨ | ᠦᠨᠢᠶ᠎ᠡ ᠪᠠ ᠪᠤᠬ᠎ᠠ ᠶᠢ ᠪᠤᠶᠢᠵᠢᠭᠤᠯᠬᠤ ᠪᠠ ᠬᠦᠢᠰᠦ ᠶᠢᠨ ᠢᠯᠭᠠᠯ ᠢ ᠬᠢᠵᠠᠭᠠᠷᠯᠠᠨ ᠦᠷᠡᠵᠢᠭᠦᠯᠵᠦ ᠪᠤᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠢ ᠪᠥᠬᠦ ᠤᠯᠤᠰ ᠤᠨ | ᠰᠠᠭᠠᠯᠢ ᠶᠢᠨ ᠦᠨᠢᠶ᠎ᠡ ᠶᠢᠨ 5174 ᠲᠠᠯᠠᠪᠠᠶ ᠳᠤ ᠳᠡᠯᠭᠡᠷᠡᠭᠦᠯᠦᠨ ᠬᠡᠷᠡᠭᠯᠡᠵᠦ᠂ ᠠᠵᠤ ᠠᠬᠤᠶᠢᠯᠠᠯ ᠳᠤ ᠨᠡᠶᠢᠲᠡ 19.83 ᠳ᠋ᠦᠩᠰᠢᠭᠤᠷ ᠲᠥᠭᠦᠷᠢᠭ ᠤᠨ ᠠᠰᠢᠭ | ᠣᠷᠣᠯᠭ᠎ᠠ ᠨᠡᠮᠡᠭᠳᠡᠭᠦᠯᠪᠡ᠃ ︵ᠰᠤᠷᠭᠠᠨ ᠬᠦᠮᠦᠵᠢᠯ ᠤᠨ ᠲᠢᠩᠬᠢᠮ︶ | |