ᠣᠷᠳᠣᠰ ᠬᠤᠲᠠ ᠶᠢᠨ ᠬᠢᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠤᠶᠠᠨ ᠬᠠᠲᠠᠨ ᠴᠢᠨᠠᠷᠲᠠᠶ ᠪᠠᠷ ᠭᠠᠵᠠᠷ | ᠬᠠᠩᠭᠠᠬᠤ ᠲᠣᠭᠲᠠᠴᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ ᠳᠤ ᠬᠦᠴᠦᠨ | ᠨᠡᠮᠡᠷᠢᠯᠡᠵᠦ ᠪᠣᠢ᠃ ᠤᠶᠠᠨ ᠬᠠᠲᠠᠨ ᠴᠢᠨᠠᠷᠲᠠᠢ ᠪᠠᠷ ᠵᠢᠯ ᠢᠶᠠᠷ ᠰᠢᠯᠵᠢᠭᠦᠯᠵᠦ ᠥᠭᠬᠦ᠂ ᠤᠷᠲᠤ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳ ᠢᠶᠠᠷ | ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠵᠦ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠭᠠᠵᠠᠷ ᠰᠢᠷᠣᠢ | ᠬᠠᠩᠭᠠᠬᠤ ᠪᠣᠯᠪᠠ᠂ ᠡᠭᠦᠨ ᠳᠤ ᠤᠶᠠᠨ ᠬᠠᠲᠠᠨ ᠴᠢᠨᠠᠷᠲᠠᠶ ᠪᠠᠷ ᠵᠢᠯ ᠢᠶᠠᠷ ᠰᠢᠯᠵᠢᠭᠦᠯᠵᠦ ᠥᠭᠬᠦ ᠠᠷᠭ᠎ᠠ ᠮᠠᠶ᠋ᠢᠭ ᠤᠨ ᠰᠢᠯᠵᠢᠭᠦᠯᠵᠦ ᠥᠭᠬᠦ ᠬᠤᠭᠤᠴᠠᠭᠠᠨ ᠤ | ᠲᠦᠷᠦᠭᠦᠦ ᠬᠤᠭᠤᠴᠠᠭ᠎ᠠ ᠨᠢ 10 ᠵᠢᠯ ᠪᠠᠶᠢᠵᠤ᠂ ᠤᠷᠲᠤᠳᠬᠠᠬᠤ ᠬᠤᠭᠤᠴᠠᠭ᠎ᠠ ᠶᠢ ᠪᠣᠯ 10 ᠵᠢᠯ᠂ 20 ᠵᠢᠯ᠂ 30 ᠵᠢᠯ᠂ 40 ᠵᠢᠯ ᠠᠴᠠ ᠰᠣᠩᠭᠤᠵᠤ | ᠪᠣᠯᠤᠨ᠎ᠠ᠂ ᠰᠢᠯᠵᠢᠭᠦᠯᠵᠦ ᠥᠭᠬᠦ ᠶᠡᠷᠦᠩᠬᠡᠢ ᠬᠤᠭᠤᠴᠠᠭ᠎ᠠ ᠶᠢ ᠬᠠᠤᠯᠢ ᠪᠠᠷ ᠲᠣᠭᠲᠠᠭᠠᠭᠰᠠᠨ ᠰᠢᠯᠵᠢᠭᠦᠯᠵᠦ ᠥᠭᠬᠦ ᠬᠠᠮᠤᠭ ᠤᠨ ᠤᠷᠲᠤ ᠪᠣᠯᠬᠤ ᠵᠢᠯ ᠤᠨ | ᠬᠢᠵᠠᠭᠠᠷ ᠠᠴᠠ ᠬᠡᠲᠦᠷᠡᠭᠦᠯᠵᠦ ᠪᠣᠯᠬᠤ ᠦᠭᠡᠢ︔ ᠤᠷᠲᠤ ᠬᠤᠭᠤᠴᠠᠭ᠎ᠠ ᠪᠠᠷ ᠳᠦᠷᠢᠶᠡᠰᠦᠯᠡᠭᠦᠯᠬᠦ ᠠᠷᠭ᠎ᠠ ᠮᠠᠶ᠋ᠢᠭ ᠤᠨ ᠳᠦᠷᠢᠶᠡᠰᠦᠯᠡᠭᠦᠯᠬᠦ ᠬᠤᠭᠤᠴᠠᠭ᠎ᠠ ᠶᠢ ᠪᠣᠯ 5 | ᠵᠢᠯ᠂ 10 ᠵᠢᠯ᠂ 15 ᠵᠢᠯ ᠪᠠᠶᠢᠯᠭᠠᠵᠤ᠂ ᠬᠠᠮᠤᠭ ᠤᠨ ᠤᠷᠲᠤ ᠳᠤ ᠪᠠᠨ 20 ᠵᠢᠯ ᠠᠴᠠ ᠬᠡᠲᠦᠷᠡᠭᠦᠯᠵᠦ ᠪᠣᠯᠬᠤ ᠦᠭᠡᠶ᠃ ᠣᠳᠣᠬᠠᠨ ᠪᠣᠯᠲᠠᠯ᠎ᠠ᠂ ᠪᠥᠬᠦ | ᠬᠤᠲᠠ ᠳᠤ ᠤᠶᠠᠨ ᠬᠠᠲᠠᠨ ᠴᠢᠨᠠᠷᠲᠠᠢ ᠪᠠᠷ ᠬᠠᠩᠭᠠᠭᠰᠠᠨ ᠭᠠᠵᠠᠷ ᠰᠢᠷᠣᠢ ᠨᠡᠶᠢᠲᠡ 28 ᠬᠡᠰᠡᠭ ᠪᠠᠶᠢᠵᠤ᠂ ᠲᠠᠯᠠᠪᠠᠶ ᠨᠢ 293.1965 ᠾᠧᠺᠲ᠋ᠠᠷ ᠲᠤ ᠬᠦᠷᠴᠦ᠂ | ᠠᠵᠤ ᠠᠬᠤᠶᠢᠯᠠᠯ ᠳᠤ ᠰᠢᠯᠵᠢᠭᠦᠯᠵᠦ ᠥᠭᠬᠦ ᠭᠠᠵᠠᠷ ᠰᠢᠷᠣᠶ ᠶᠢᠨ ᠮᠥᠩᠭᠦ ᠶᠢ ᠨᠡᠶᠢᠲᠡ 2.91 ᠳ᠋ᠦᠩᠰᠢᠭᠤᠷ ᠲᠥᠭᠦᠷᠢᠭ ᠠᠷᠪᠢᠯᠠᠵᠤ ᠥᠭᠪᠡ᠃ ︵ᠤᠷᠳᠤᠰ | ᠬᠤᠳᠠ ᠶᠢᠨ ᠵᠠᠰᠠᠭ ᠤᠨ ᠣᠷᠳᠣᠨ︶ | |