11 ᠳ᠋ᠦ᠋ᠭᠡᠷ ᠰᠠᠷ᠎ᠠ ᠶᠢᠨ 2 ᠤᠨ ᠡᠳᠦᠷ᠂ ︽ᠳᠤᠮᠳᠠᠳᠤ ᠤᠯᠤᠰ ᠤᠨ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠶᠢᠨ ᠦᠨᠡᠯᠡᠯᠲᠡ ᠶᠢᠨ | ᠮᠡᠳᠡᠭᠦᠯᠦᠯᠲᠡ 2024︾ ᠶᠢ ᠪᠡᠭᠡᠵᠢᠩ ᠳᠤ ᠨᠡᠶᠢᠲᠡᠯᠡᠪᠡ᠂ ︽ᠮᠡᠳᠡᠭᠦᠯᠦᠯᠲᠡ︾ ᠳᠤ ᠮᠠᠨ ᠤ ᠣᠷᠣᠨ ᠤ 2024 ᠣᠨ ᠤ ᠣᠷᠣᠨ ᠪᠦᠰᠡ ᠶᠢᠨ ᠰᠢᠨ᠎ᠡ ᠶᠢ | ᠡᠭᠦᠳᠬᠦ ᠴᠢᠳᠠᠪᠤᠷᠢ ᠶᠢᠨ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠶᠢᠨ 24 ᠳ᠋ᠦ᠋ᠭᠡᠷ ᠲᠤ ᠦᠨᠡᠯᠡᠭᠳᠡᠨ ᠵᠢᠭᠰᠠᠭᠠᠭᠳᠠᠵᠤ᠂ ᠳᠡᠭᠡᠷ᠎ᠡ ᠵᠢᠯ ᠤᠨ ᠬᠢ ᠲᠠᠢ | ᠬᠠᠷᠢᠴᠠᠭᠤᠯᠪᠠᠯ 4 ᠨᠡᠷ᠎ᠡ ᠳᠡᠭᠡᠭᠰᠢᠯᠡᠵᠡᠢ᠃ ᠭᠤᠸᠠᠩᠳᠦ᠋ᠩ ᠮᠣᠵᠢ ᠨᠢ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠶᠢᠨ ᠶᠡᠷᠦᠩᠬᠡᠶᠢᠯᠡᠭᠰᠡᠨ ᠨᠡᠷᠡᠰ ᠤᠨ | ᠵᠢᠭᠰᠠᠭᠠᠯᠲᠠ ᠳᠤ ᠮᠦᠨ ᠯᠠ ᠨᠢᠭᠡᠳᠦᠭᠡᠷ ᠲᠤ ᠵᠢᠭᠰᠠᠭᠠᠭᠳᠠᠵᠤ᠂ 8 ᠵᠢᠯ ᠳᠠᠷᠠᠭᠠᠯᠠᠨ ᠪᠦᠬᠦ ᠤᠯᠤᠰ ᠤᠨ ᠲᠡᠷᠢᠭᠦᠨ ᠳᠤ ᠣᠷᠤᠪᠠ︔ ᠵᠢᠶᠠᠩᠰᠦ᠂ ᠪᠡᠭᠡᠵᠢᠩ ᠲᠤᠰ | ᠲᠤᠰ 2 ᠳ᠋ᠤᠭᠠᠷ ᠪᠠ 3 ᠳ᠋ᠤᠭᠠᠷ ᠲᠤ ᠵᠢᠭᠰᠠᠭᠠᠭᠳᠠᠵᠤ᠂ ᠵᠧᠵᠢᠶᠠᠩ᠂ ᠱᠠᠩᠬᠠᠢ ᠲᠤᠰ ᠲᠤᠰ 4 ᠳ᠋ᠦ᠋ᠭᠡᠷ ᠪᠠ 5 ᠳ᠋ᠤᠭᠠᠷ ᠲᠤ ᠵᠢᠭᠰᠠᠭᠠᠭᠳᠠᠵᠤ᠂ ᠡᠮᠦᠨ᠎ᠡ 5 | ᠳ᠋ᠤᠭᠠᠷ ᠲᠤ ᠵᠢᠭᠰᠠᠭᠠᠭᠳᠠᠭᠰᠠᠨ ᠨᠢ ᠨᠢᠳᠤᠨᠤᠨ ᠤ ᠬᠢ ᠲᠠᠢ ᠨᠢᠭᠡᠳᠦᠯᠲᠠᠢ ᠪᠠᠶᠢᠨ᠎ᠠ᠃ ᠡᠮᠦᠨ᠎ᠡ 10 ᠨᠡᠷᠡᠰ ᠲᠤ ᠵᠢᠭᠰᠠᠭᠠᠭᠳᠠᠭᠰᠠᠨ ᠭᠠᠵᠠᠷ ᠣᠷᠣᠨ ᠳᠤ ᠪᠠᠰᠠ | ᠱᠠᠨᠳᠦ᠋ᠩ᠂ ᠠᠨᠾᠦ᠋ᠢ᠂ ᠬᠤᠪᠸᠢ᠂ ᠬᠤᠨᠠᠨ ᠪᠠ ᠱᠠᠨᠰᠢ ᠪᠤᠢ᠃ ᠨᠡᠷᠡᠰ ᠤᠨ ᠵᠢᠭᠰᠠᠭᠠᠯᠲᠠ ᠶᠢᠨ ᠬᠤᠪᠢᠷᠠᠯᠲᠠ ᠶᠢᠨ ᠪᠠᠶᠢᠳᠠᠯ ᠠᠴᠠ ᠦᠵᠡᠪᠡᠯ᠂ 2024 ᠣᠨ ᠳᠤ | ᠨᠡᠷᠡᠰ ᠤᠨ ᠵᠢᠭᠰᠠᠭᠠᠯᠲᠠ ᠳᠤ ᠳᠡᠭᠡᠭᠰᠢᠯᠡᠭᠰᠡᠨ ᠭᠠᠵᠠᠷ ᠣᠷᠣᠨ 8 ᠪᠠᠶᠢᠵᠤ᠂ ᠲᠣᠰ ᠲᠣᠰ ᠵᠢᠶᠠᠩᠰᠤ᠂ ᠱᠠᠨᠰᠢ᠂ ᠲᠢᠶᠠᠨᠵᠢᠨ᠂ ᠯᠢᠶᠣᠤᠨᠢᠩ᠂ ᠾᠧᠪᠸᠢ᠂ ᠱᠠᠨ ᠰᠢ᠂ | ᠥᠪᠥᠷ ᠮᠣᠩᠭᠤᠯ ᠪᠠ ᠰᠢᠨᠵᠢᠶᠠᠩ ᠪᠣᠯᠤᠨ᠎ᠠ᠃ ᠡᠭᠦᠨ ᠳᠤ᠂ ᠲᠢᠶᠠᠨᠵᠢᠨ ᠨᠢ ᠨᠡᠷᠡᠰ ᠤᠨ ᠵᠢᠭᠰᠠᠭᠠᠯᠲᠠ ᠳᠤ 6 ᠨᠡᠷ᠎ᠡ ᠤᠷᠤᠭᠰᠢ ᠳᠠᠪᠰᠢᠵᠤ᠂ ᠰᠢᠨ᠎ᠡ ᠶᠢ ᠡᠭᠦᠳᠴᠦ | ᠬᠡᠯᠪᠡᠷᠢ ᠪᠠᠨ ᠬᠤᠪᠢᠷᠠᠭᠤᠯᠬᠤ ᠦᠷ᠎ᠡ ᠪᠦᠲᠦᠮᠵᠢ ᠪᠠᠷ ᠢᠯᠡᠳᠲᠡ ᠪᠠᠶᠢᠪᠠ︔ ᠯᠢᠶᠣᠣᠨᠢᠩ ᠪᠣᠯᠣᠨ ᠱᠠᠨ ᠰᠢ ᠴᠦᠮ 5 ᠨᠡᠷ᠎ᠡ ᠤᠷᠤᠭᠰᠢ ᠳᠠᠪᠰᠢᠵᠤ᠂ ᠰᠢᠨ᠎ᠡ ᠶᠢ | ᠡᠭᠦᠳᠬᠦ ᠪᠠᠷ ᠬᠦᠳᠡᠯᠭᠡᠭᠦᠷ ᠪᠣᠯᠭᠠᠬᠤ ᠠᠵᠤ ᠦᠢᠯᠡᠰ ᠤᠨ ᠬᠥᠭᠵᠢᠯᠲᠡ ᠪᠣᠯᠣᠨ ᠬᠡᠯᠪᠡᠷᠢ ᠶᠢ ᠬᠤᠪᠢᠷᠠᠭᠤᠯᠬᠤ ᠦᠷ᠎ᠡ ᠪᠦᠲᠦᠮᠵᠢ ᠪᠠᠷ ᠢᠯᠡᠳᠲᠡ ᠪᠠᠶᠢᠪᠠ︔ ᠥᠪᠥᠷ | ᠮᠣᠩᠭᠤᠯ ᠪᠠ ᠰᠢᠨᠵᠢᠶᠠᠩ ᠲᠤᠰ ᠲᠤᠰ 4 ᠨᠡᠷ᠎ᠡ ᠪᠠ 3 ᠨᠡᠷ᠎ᠡ ᠤᠷᠤᠭᠰᠢ ᠳᠠᠪᠰᠢᠵᠤ᠂ ᠪᠠᠷᠠᠭᠤᠨ ᠣᠷᠣᠨ ᠤ ᠰᠢᠨ᠎ᠡ ᠶᠢ ᠡᠭᠦᠳᠴᠦ ᠬᠡᠯᠪᠡᠷᠢ ᠪᠠᠨ | ᠬᠤᠪᠢᠷᠠᠭᠤᠯᠤᠭᠰᠠᠨ ᠨᠡᠶᠢᠲᠡᠯᠢᠭ ᠵᠢᠱᠢᠶ᠎ᠡ ᠪᠣᠯᠪᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |