1-10 ᠰᠠᠷ᠎ᠠ ᠳᠤ ᠵᠠᠯᠠᠶᠢᠨᠠᠭᠤᠷ ᠲᠣᠭᠤᠷᠢᠭ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ 1
ᠨᠡᠶᠢᠲᠡᠯᠡᠭᠰᠡᠨ ᠴᠠᠭ᠄
2024/11/27
       ᠡᠨᠡ ᠵᠢᠯ ᠠᠴᠠ ᠨᠠᠰᠢ᠂ ᠵᠠᠯᠠᠶᠢᠨᠠᠭᠤᠷ ᠲᠣᠭᠤᠷᠢᠭ ᠶᠡᠷᠦᠩᠬᠡᠢ ᠱᠦᠵᠢ ᠰᠢ ᠶᠢᠨ ᠫᠢᠩ  ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠬᠦᠴᠦᠯᠡᠨ ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠲᠠᠬᠢᠨ ᠳᠡᠭᠡᠭᠰᠢᠯᠡᠬᠦ ᠶᠢ ᠠᠬᠢᠭᠤᠯᠵᠤ᠂ ᠪᠦᠬᠦ ᠣᠷᠣᠨ ᠤ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠪᠠᠶᠢᠳᠠᠯ ᠢᠶᠠᠨ ᠪᠠᠲᠤᠯᠠᠪᠠ᠃       ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠳᠠᠷᠤᠯᠲᠠ ᠶᠢ ᠳᠠᠭᠠᠭᠠᠬᠤ ᠬᠡᠮᠵᠢᠶ᠎ᠡ ᠲᠠᠬᠢᠨ ᠳᠡᠭᠡᠭᠰᠢᠯᠡᠵᠦ᠂ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠪᠠᠭᠤᠷᠠᠯᠲᠠ ᠶᠢᠨ ᠬᠡᠮᠵᠢᠶ᠎ᠡ ᠪᠠᠭᠠᠰᠪᠠ        1-10 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠠᠴᠠ 7.7% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠰᠠᠷ᠎ᠠ ᠠᠴᠠ 3.6 ᠵᠠᠭᠤᠨ ᠤ ᠬᠤᠪᠢ ᠶᠢᠨ ᠴᠡᠭ ᠪᠠᠭᠠᠰᠴᠠᠢ᠃ ᠭᠤᠣᠯ ᠪᠣᠯᠬᠤ ᠦᠢᠯᠡᠳᠬᠦᠨ ᠤ ᠭᠠᠷᠤᠯᠲᠠ ᠠᠴᠠ ᠦᠵᠡᠪᠡᠯ᠂ ᠨᠡᠭᠦᠷᠡᠰᠦᠨ ᠤ ᠭᠠᠷᠤᠯᠲᠠ ᠵᠢᠭᠠᠬᠠᠨ ᠳᠡᠭᠡᠭᠰᠢᠯᠡᠵᠦ᠂ ᠠᠳᠠᠯᠢ ᠬᠤᠭᠤᠴᠠᠭᠠᠨ ᠠᠴᠠ 12.6% ᠪᠠᠭᠤᠷᠠᠵᠤ᠂ ᠳᠡᠭᠡᠷ᠎ᠡ ᠰᠠᠷ᠎ᠠ ᠠᠴᠠ 2.9 ᠵᠠᠭᠤᠨ ᠤ ᠬᠤᠪᠢ ᠶᠢᠨ ᠴᠡᠭ ᠪᠠᠭᠠᠰᠪᠠ᠃ ᠴᠠᠬᠢᠯᠭᠠᠨ ᠭᠠᠷᠭᠠᠬᠤ ᠬᠡᠮᠵᠢᠶ᠎ᠡ ᠪᠠᠭ᠎ᠠ ᠬᠡᠮᠵᠢᠶ᠎ᠡ‌‍ᠪᠡᠷ ᠨᠡᠮᠡᠭᠳᠡᠵᠦ᠂ 2.3 % ᠨᠡᠮᠡᠭᠳᠡᠪᠡ᠃ ᠦᠢᠯᠡᠳᠬᠦ ᠦᠢᠯᠡᠰ ᠤᠨ ᠭᠤᠣᠯ ᠦᠢᠯᠡᠳᠬᠦᠨ ᠤ ᠭᠠᠷᠤᠯᠲᠠ ᠥᠨᠳᠥᠷ ᠬᠡᠮᠵᠢᠶ᠎ᠡ ᠪᠠᠷ ᠨᠡᠮᠡᠭᠳᠡᠵᠦ᠂ ᠱᠦᠢᠨᠢ ᠶᠢᠨ ᠭᠠᠷᠤᠯᠲᠠ 84% ᠨᠡᠮᠡᠭᠳᠡᠵᠦ᠂ ᠢᠳᠡᠪᠬᠢᠵᠢᠭᠦᠯᠦᠭᠰᠡᠨ ᠨᠡᠭᠦᠷᠡᠰᠦᠨ ᠤ ᠭᠠᠷᠤᠯᠲᠠ 15.7% ᠨᠡᠮᠡᠭᠳᠡᠪᠡ᠃
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ