11 ᠰᠠᠷ᠎ᠠ ᠶᠢᠨ 18 ᠤ ᠡᠳᠦᠷ᠂ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠩ ᠸᠠᠩ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 17 ᠳ᠋ᠤᠭᠠᠷ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠶᠢᠨ ᠠᠷᠪᠠᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠷᠠᠳ ᠤᠨ ᠶᠠᠪᠤᠳᠠᠯ ᠤᠨ ᠬᠤᠷᠠᠯ ᠳᠡᠭᠡᠷ᠎ᠡ | ᠠᠷᠠᠳ ᠤᠨ ᠶᠠᠪᠤᠳᠠᠯ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ | ᠫᠢᠩ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠠᠷᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ | ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ᠂ ᠬᠦᠴᠢᠷ ᠶᠠᠪᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠷᠠᠳ ᠤᠨ ᠶᠠᠪᠤᠳᠠᠯ ᠤᠨ ᠠᠵᠢᠯ ᠤᠨ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠤᠯᠠᠨ ᠲᠦᠮᠡᠨ ᠤ ᠪᠠᠴᠢᠮ ᠬᠦᠴᠢᠷ | ᠵᠣᠪᠠᠭᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠠᠪᠤᠷᠠᠨ ᠲᠤᠰᠠᠯᠠᠬᠤ ᠰᠢᠰᠲ᠋ᠧᠮ ᠢ ᠲᠦᠷᠭᠡᠨ ᠪᠠᠶᠢᠭᠤᠯᠵᠤ᠂ | ᠨᠠᠰᠤᠵᠢᠯ ᠤᠨ ᠦᠢᠯᠡᠴᠢᠯᠡᠭᠡ᠂ ᠬᠡᠦᠬᠡᠳ ᠤᠨ ᠠᠰᠠᠷᠠᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠣᠯᠣᠨ ᠲᠤᠰᠬᠠᠢ ᠲᠦᠷᠦᠯ ᠤᠨ | ᠨᠡᠶᠢᠭᠡᠮ ᠤᠨ ᠬᠡᠷᠡᠭ ᠶᠠᠪᠤᠳᠠᠯ ᠵᠡᠷᠭᠡ ᠡᠯ᠎ᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠥᠷᠭᠡᠨ ᠤᠯᠠᠨ ᠠᠷᠠᠳ | ᠲᠦᠮᠡᠨ ᠳᠤ ᠬᠦᠷᠲᠡᠭᠡᠬᠦ ᠬᠡᠷᠡᠭᠲᠡᠢ᠃ | ᠬᠤᠷᠠᠯ ᠠᠴᠠ ︽ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ ᠲᠤᠬᠠᠢ ᠰᠠᠨᠠᠯ︾᠂ | ︽ᠤᠯᠤᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠢ ᠤᠯᠠᠮᠵᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ | ᠬᠠᠮᠢᠶ᠎ᠠ ᠪᠦᠬᠦᠢ ᠪᠢᠴᠢᠭ ᠮᠠᠲᠧᠷᠢᠶᠠᠯ ᠢ ᠨᠡᠶᠢᠲᠡᠯᠡᠵᠡᠢ᠃ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠪᠠ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠦᠦᠱᠯᠠᠭᠤᠯᠵᠤ᠂ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠪᠤᠷᠠᠨ | ᠲᠤᠰᠠᠯᠠᠬᠤ ᠡᠳ᠋ ᠪᠣᠳᠠᠰ ᠪᠠ ᠲᠣᠨᠤᠭ ᠲᠥᠬᠦᠭᠡᠷᠦᠮᠵᠢ ᠶᠢ ᠨᠢᠭᠡᠳᠦᠯᠲᠡᠢ ᠲᠥᠯᠥᠪᠯᠡᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠨ ᠤ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠯᠦᠭᠡ ᠵᠣᠬᠢᠴᠠᠯᠳᠤᠭᠰᠠᠨ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠪᠣᠶ ᠪᠣᠯᠭᠠᠬᠤ | ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠬᠠᠢ ᠶᠡᠷᠦᠩᠬᠡᠢ ᠱᠦᠵᠢ ᠰᠢ ᠶᠢᠨ | ᠫᠢᠩ ᠶᠢᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠲᠣᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠬᠦᠷᠢᠶ᠎ᠡ᠂ ᠳᠤᠲᠠᠭᠤᠳᠠᠯ ᠪᠠᠭᠤᠷᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠤᠯᠠᠨ | ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠡᠯ᠎ᠡ ᠵᠦᠢᠯ ᠤᠨ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ | ᠵᠠᠯᠠᠷᠠᠭᠤᠯᠤᠨ ᠵᠠᠰᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠶᠠᠪᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | | |