ᠵᠠᠯᠠᠶᠢᠨᠠᠭᠤᠷ ᠲᠣᠭᠤᠷᠢᠭ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠭᠵᠢᠯᠲᠡ ᠶᠢᠨ ᠲᠤᠬᠠᠢ ᠬᠠᠮᠲᠣ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/27
       11 ᠰᠠᠷ᠎ᠠ ᠶᠢᠨ 12 ᠤᠨ ᠡᠳᠦᠷ᠂ ᠵᠠᠯᠠᠶᠢᠨᠠᠭᠤᠷ ᠲᠣᠭᠤᠷᠢᠭ ︽ᠵᠠᠰᠠᠭ ᠠᠵᠤ ᠠᠬᠤᠶᠢᠯᠠᠯ ᠢ ᠪᠡᠶ᠎ᠡ ᠪᠠᠷ ᠢᠶᠠᠨ ᠢᠯᠭᠠᠷᠠᠭᠤᠯᠬᠤ ᠰᠢᠭᠤᠳ ᠨᠡᠪᠲᠡᠷᠡᠬᠦ ᠲᠡᠷᠭᠡ︾ ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠭᠵᠢᠯᠲᠡ ᠶᠢ ᠬᠠᠮᠲᠤ ᠪᠠᠷ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠱᠠᠨ ᠵᠢᠶᠠᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠩ ᠸᠠᠩ ᠵᠡᠷᠭᠡ ᠲᠣᠭᠤᠷᠢᠭ ᠤᠨ ᠤᠳᠤᠷᠢᠳᠤᠯᠭ᠎ᠠ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃        ᠬᠤᠷᠠᠯ ᠠᠴᠠ ᠬᠥᠯᠥᠨ ᠪᠤᠶᠢᠷ ᠬᠤᠳᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠪᠣᠯᠣᠨ ᠬᠥᠯᠥᠨ ᠪᠤᠶᠢᠷ ᠬᠤᠳᠠ ᠶᠢᠨ ᠪᠣᠭᠤᠮᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠣᠭᠤᠷᠢᠭ ᠤᠨ ᠠᠵᠤ ᠠᠬᠤᠢ ᠶᠢᠨ ᠠᠵᠢᠯᠯᠠᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠪᠣᠯᠣᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠠᠶᠢᠳᠠᠯ ᠢ ᠮᠡᠳᠡᠭᠳᠡᠪᠡ᠃ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ ᠠᠵᠤ ᠠᠬᠤᠶᠢᠯᠠᠯ ᠤᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠥᠭᠵᠢᠯᠲᠡ ᠶᠢᠨ ᠢᠷᠡᠭᠡᠳᠦᠢ ᠶᠢᠨ ᠲᠣᠭᠤᠷᠢᠨ ᠳᠤ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ ᠴᠢ ᠱᠠᠨ ᠵᠢᠶᠠᠨ᠂ ᠣᠶᠢᠷ᠎ᠠ ᠶᠢᠨ ᠵᠢᠯ ᠠᠴᠠ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠵᠤ ᠠᠬᠤᠶᠢᠯᠠᠯ ᠯᠤᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠵᠠᠰᠠᠭ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ᠂ ᠮᠥᠷᠥ ᠵᠡᠷᠭᠡᠴᠡᠨ ᠲᠡᠮᠡᠴᠡᠵᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠪᠦᠲᠦᠴᠡ ᠶᠢ ᠰᠢᠯᠢᠳᠡᠭᠵᠢᠭᠦᠯᠬᠦ᠂ ᠠᠵᠢᠯ ᠣᠯᠭᠤᠯᠲᠠ ᠶᠢ ᠠᠬᠢᠭᠤᠯᠬᠤ᠂ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠪᠠ᠂ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ︽ᠴᠠᠭ︾ ᠪᠣᠯᠣᠨ ︽ᠪᠠᠶᠢᠳᠠᠯ︾ ᠢ ᠣᠨᠣᠪᠴᠢᠲᠠᠢ ᠡᠵᠡᠮᠳᠡᠵᠦ᠂ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠦ ᠪᠠᠨ ᠬᠠᠮᠲᠤᠳᠬᠠᠨ ᠣᠳᠣᠬᠠᠨ ᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠬᠦ ᠬᠡᠷᠡᠭᠲᠡᠢ᠃ ︽ᠪᠠᠶᠢᠷᠢ︾ ᠪᠣᠯᠣᠨ︽ᠠᠵᠢᠯᠯᠠᠬᠤ︾ ᠶᠢ ᠭᠦᠨᠵᠡᠭᠡᠢ ᠲᠠᠨᠢᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠵᠠ ᠲᠣᠬᠢᠶᠠᠯ ᠢ ᠪᠠᠲᠤ ᠡᠵᠡᠮᠳᠡᠵᠦ᠂ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠬᠢᠨᠠᠯᠲᠠ ᠬᠠᠮᠢᠶᠠᠷᠤᠯᠲᠠ᠂ ᠵᠣᠯᠭᠠᠭᠤᠯᠤᠨ ᠵᠣᠬᠢᠴᠠᠭᠤᠯᠬᠤ ᠵᠡᠷᠭᠡ ᠡᠭᠦᠷᠭᠡ ᠴᠢᠳᠠᠪᠬᠢ ᠶᠢ ᠨᠡᠩ ᠢᠳᠡᠪᠬᠢᠲᠡᠢ ᠭᠦᠢᠴᠡᠳᠬᠡᠵᠦ᠂ ᠠᠵᠤ ᠠᠬᠤᠶᠢᠯᠠᠯ ᠳᠤ ᠰᠠᠶᠢᠨ ᠰᠠᠶᠢᠬᠠᠨ ᠳᠡᠮᠵᠢᠯᠭᠡ ᠪᠠ ᠪᠠᠲᠤᠯᠠᠭ᠎ᠠ ᠬᠠᠩᠭᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠪᠠᠶᠢᠷᠢᠰᠢᠯ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ᠃       ᠴᠢ ᠱᠠᠨ ᠵᠢᠶᠠᠨ᠂ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠬᠢᠨ ᠪᠦᠯᠬᠦᠮᠳᠡᠨ ᠨᠢᠭᠡᠳᠴᠦ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠶᠡᠭᠡ ᠲᠠᠯ᠎ᠠ ᠳᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠳᠤᠮᠳᠠ ᠵᠣᠷᠢᠭᠲᠠᠢ ᠪᠠᠷ ᠵᠠᠮ ᠨᠡᠭᠡᠭᠡᠨ ᠤᠷᠤᠭᠰᠢᠯᠠᠵᠤ᠂ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠣᠳᠣᠬᠢᠴᠢᠯᠠᠭᠰᠠᠨ ᠵᠠᠯᠠᠶᠢᠨᠠᠭᠤᠷ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃  
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ