11 ᠰᠠᠷ᠎ᠠ ᠶᠢᠨ 12 ᠤ ᠡᠳᠦᠷ᠂ 2024 ᠣᠨ ᠤ ᠠᠩᠬᠠᠳᠤᠭᠠᠷ ᠤᠳᠠᠭ᠎ᠠ ᠶᠢᠨ ᠣᠷᠣᠨ ᠨᠤᠲᠤᠭ ᠤᠨ ᠠᠵᠤ ᠠᠬᠤᠶᠢᠯᠠᠯ ᠤᠨ ᠬᠠᠮᠲᠤᠷᠠᠭᠰᠠᠨ ᠬᠤᠷᠠᠯ | ᠬᠤᠷᠠᠯᠳᠤᠵᠤ᠂ ᠲᠤᠬᠠᠢ ᠶᠢᠨ ᠭᠠᠵᠠᠷ ᠤᠨ ᠣᠷᠣᠨ ᠨᠤᠲᠤᠭ ᠤᠨ ᠠᠵᠤ ᠠᠬᠤᠶᠢᠯᠠᠯ ᠤᠨ ᠬᠠᠮᠲᠤᠷᠠᠯᠴᠠᠨ ᠠᠭᠤᠰᠤᠯᠴᠠᠨ ᠬᠥᠭᠵᠢᠬᠦ ᠤᠴᠢᠷ ᠶᠠᠪᠤᠳᠠᠯ ᠤᠨ ᠲᠤᠬᠠᠢ | ᠣᠯᠣᠯᠴᠠᠨ ᠵᠣᠯᠭᠠᠯᠴᠠᠪᠠ᠃ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠴᠢ ᠱᠠᠨ ᠵᠢᠶᠠᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠲᠣᠭᠤᠷᠢᠭ ᠤᠨ ᠳᠠᠷᠤᠭ᠎ᠠ ᠵᠠᠩ ᠰᠢᠩ ᠸᠠᠩ᠂ ᠵᠠᠯᠠᠶᠢᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ | ᠬᠤᠷᠢᠶ᠎ᠠ ᠶᠢᠨ ᠱᠦᠵᠢ ᠼᠦᠢ ᠢ ᠵᠡᠷᠭᠡ ᠬᠤᠶᠠᠷ ᠲᠠᠯ᠎ᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠢ᠃ | ᠬᠤᠷᠠᠯ ᠠᠴᠠ ᠪᠥᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠷᠯᠠᠨ ᠮᠡᠳᠡᠭᠳᠡᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ | ᠲᠠᠯ᠎ᠠ ᠪᠠᠷ ᠢᠶᠠᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ | ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠵᠠᠯᠠᠶᠢᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠨᠠᠮ ᠤᠨ | ᠪᠠᠶᠢᠭᠤᠯᠤᠯᠲᠠ ᠶᠢ ᠪᠠᠷᠢᠮᠲᠠᠯᠠᠨ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ | ᠪᠡᠶᠡᠯᠡᠭᠦᠯᠬᠦ ᠲᠤᠬᠠᠢ ᠬᠡᠷᠡᠭᠵᠢᠭᠦᠯᠬᠦ ᠲᠥᠰᠥᠯ ᠢ ᠰᠤᠳᠤᠯᠤᠨ ᠪᠠᠲᠤᠯᠠᠪᠠ᠃ | ᠴᠢ ᠱᠠᠨ ᠵᠢᠶᠠᠨ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠠᠰᠢᠭ ᠲᠤᠰᠠ ᠶᠢᠨ ᠬᠠᠮᠲᠤ ᠶᠢᠨ ᠴᠣᠭᠴᠠ ᠪᠣᠯᠣᠨ᠎ᠠ᠂ ᠬᠥᠭᠵᠢᠯᠲᠡ ᠶᠢᠨ | ᠬᠠᠮᠲᠤ ᠶᠢᠨ ᠴᠣᠭᠴᠠ ᠪᠣᠯ ᠨᠡᠩ ᠴᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ᠎ᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ | ᠠᠶᠠᠨ ᠵᠠᠮ ᠳᠤ ᠣᠷᠣᠬᠤ ᠳᠤ᠂ ᠣᠷᠣᠨ ᠨᠤᠲᠤᠭ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ ᠨᠢ ᠮᠥᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠠᠮᠤᠭ ᠤᠨ ᠴᠢᠬᠤᠯᠠ ᠰᠠᠭᠤᠷᠢ ᠪᠣᠯᠣᠨ᠎ᠠ᠃ ᠪᠥᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠳ ᠦᠢᠯᠡᠴᠢᠯᠡᠭᠡᠨ ᠤ ᠠᠵᠤ ᠠᠬᠤᠶᠢᠯᠠᠯ ᠢ ᠢᠮᠠᠭᠲᠠ ᠪᠥᠬᠦ | ᠲᠠᠯ᠎ᠠ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠰᠢᠢᠳᠪᠦᠷᠢᠯᠡᠬᠦ ᠰᠡᠳᠬᠢᠬᠦᠢ ᠲᠠᠢ ᠪᠠᠶᠢᠬᠤ ᠶᠢ ᠪᠠᠷᠢᠮᠲᠠᠯᠠᠨ᠂ ᠬᠦᠴᠦᠨ ᠵᠦᠢᠯ ᠤᠨ ᠪᠠᠲᠤᠯᠠᠭ᠎ᠠ ᠶᠢ | ᠴᠢᠩᠭᠠᠳᠬᠠᠵᠤ᠂ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠨ᠂ ᠵᠥᠪᠯᠡᠨ ᠲᠣᠭᠲᠠᠭᠠᠭᠰᠠᠨ ᠵᠦᠢᠯᠡᠰ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ᠴᠢ ᠱᠠᠨ ᠵᠢᠶᠠᠨ ᠴᠢᠬᠤᠯᠠᠴᠢᠯᠠᠭᠰᠠᠨ ᠨᠢ᠂ ᠰᠢᠨ᠎ᠡ ᠠᠶᠠᠨ ᠵᠠᠮ ᠳᠠᠭᠠᠨ ᠵᠣᠭᠰᠣᠵᠤ᠂ ᠬᠤᠶᠠᠷ ᠲᠠᠯ᠎ᠠ ᠪᠠᠷ ᠢᠶᠠᠨ ᠬᠠᠮᠵᠢᠯᠴᠠᠨ ᠠᠵᠢᠯᠯᠠᠬᠤ | ᠬᠦᠴᠦᠨ ᠢᠶᠠᠨ ᠲᠠᠰᠤᠷᠠᠯᠲᠠ ᠦᠭᠡᠢ ᠨᠢᠭᠲᠠᠷᠠᠭᠤᠯᠵᠤ᠂ ᠬᠠᠮᠲᠤ ᠪᠠᠷ ᠤᠷᠤᠭᠰᠢᠯᠠᠵᠤ ᠬᠠᠮᠲᠤ ᠪᠠᠷ ᠴᠡᠴᠡᠭᠯᠡᠨ ᠬᠥᠭᠵᠢᠬᠦ ᠰᠡᠳᠬᠢᠯ ᠢᠶᠠᠨ ᠡᠭᠦᠷᠢᠳᠡ ᠪᠠᠲᠤᠯᠠᠵᠤ᠂ | ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠡᠨᠡᠬᠦ ᠲᠣᠮᠣ ᠶᠠᠪᠤᠳᠠᠯ ᠢ ᠰᠠᠶᠢᠲᠤᠷ ᠬᠢᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠣᠶᠢᠵᠢᠭᠤᠯᠤᠨ ᠬᠥᠭᠵᠢᠭᠦᠯᠬᠦ᠂ ᠰᠣᠶᠣᠯ ᠵᠤᠭᠠᠴᠠᠯ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠬᠦ᠂ ᠨᠠᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠰᠢᠨ᠎ᠡ ᠪᠠᠶᠢᠷᠢᠰᠢᠯ ᠢ ᠬᠠᠮᠲᠤᠪᠠᠷ ᠪᠠᠶᠢᠭᠤᠯᠬᠤ ᠵᠡᠷᠭᠡ | ᠲᠠᠯ᠎ᠠ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠮᠥᠷᠥ ᠵᠡᠷᠭᠡᠴᠡᠨ ᠪᠠᠶᠢᠯᠳᠤᠵᠤ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠠᠯᠠᠶᠢᠨᠠᠭᠤᠷ ᠤᠨ ᠭᠠᠯ ᠬᠠᠯᠠᠭᠤᠨ ᠦᠢᠯᠡᠳᠦᠯᠭᠡ ᠳᠤᠮᠳᠠ ᠬᠠᠮᠲᠤᠪᠠᠷ ᠢᠷᠠᠭᠤ ᠠᠯᠳᠠᠷ ᠢᠶᠠᠨ ᠪᠢᠴᠢᠭᠯᠡᠵᠦ᠂ | ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠦᠶ᠎ᠡ︕ | ᠼᠦᠢ ᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠵᠠᠯᠠᠶᠢᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠬᠢᠨ ᠨᠡᠶᠢᠭᠡᠮ ᠤᠨ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠣᠷᠣᠨ ᠨᠤᠲᠤᠭ ᠪᠠ ᠠᠵᠤ ᠠᠬᠤᠶᠢᠯᠠᠯ ᠤᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠬᠤᠯᠪᠣᠭᠳᠠᠯ ᠪᠦᠬᠦᠢ | ᠤᠴᠢᠷ ᠶᠠᠪᠤᠳᠠᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠠᠯᠠᠶᠢᠨᠠᠭᠤᠷ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠢ᠃ |