ᠵᠠᠯᠠᠶᠢᠨᠠᠭᠤᠷ ᠲᠣᠭᠤᠷᠢᠭ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/27
       11 ᠳ᠋ᠦᠭᠡᠷ ᠰᠠᠷ᠎ᠠ ᠶᠢᠨ 7 ᠤ ᠡᠳᠦᠷ᠂ 9 ᠤ ᠡᠳᠦᠷ᠂ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠩ ᠸᠠᠩ ᠲᠣᠭᠤᠷᠢᠭ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠣᠳᠠᠲᠠᠢ ᠡᠭᠦᠷᠭᠡ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ ︽ᠲᠠᠪᠤᠨ ᠶᠡᠭᠡ ᠡᠭᠦᠷᠭᠡ︾ ᠶᠢᠨ ᠣᠨ ᠤ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ 2024 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠪᠠᠷ ᠵᠢᠱᠢᠭᠰᠡᠨ ᠪᠠᠶᠢᠳᠠᠯ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠵᠠᠯᠠᠶᠢᠨᠠᠭᠤᠷ ᠲᠣᠭᠤᠷᠢᠭ ᠤᠨ ᠺᠠᠳ᠋ᠷᠴᠤᠳ ᠤᠨ ᠬᠠᠮᠲᠤ ᠶᠢᠨ ᠶᠠᠷᠢᠯᠴᠠᠭᠠᠨ ᠤ ᠬᠤᠷᠠᠯ ᠳᠡᠭᠡᠷ᠎ᠡ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠶᠢᠷᠢᠯᠠᠭᠤᠯᠤᠭᠰᠠᠨ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠭᠦᠢᠴᠡᠳᠬᠡᠬᠦ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠤ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠣᠨ ᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠠᠵᠢᠯ ᠢ ᠬᠠᠷᠢᠭᠤᠴᠠᠯᠭ᠎ᠠ ᠲᠠᠢ ᠪᠠᠷ ᠵᠠᠳᠠᠯᠬᠤ᠂ ᠡᠬᠡ ᠲᠠᠩᠰᠠ ᠪᠠᠷ ᠬᠠᠮᠢᠶᠠᠷᠬᠤ᠂ ᠲᠦᠷᠦᠯ ᠵᠦᠢᠯ ᠢᠶᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠲᠣᠳᠣᠷᠬᠠᠢ ᠬᠠᠷᠢᠭᠤᠴᠠᠯᠭ᠎ᠠ ᠶᠢᠨ ᠬᠡᠯᠬᠢᠶ᠎ᠡ ᠪᠠ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ᠡᠭᠦᠷᠭᠡᠯᠡᠵᠦ ᠪᠠᠶᠢᠭ᠎ᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠤᠨ ᠠᠷᠭ᠎ᠠ ᠪᠠᠨ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠳᠠᠪᠤᠷᠢ ᠪᠠ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠶᠡᠭᠡ ᠬᠦᠴᠦ ᠣᠷᠣᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠪᠠᠷ ᠡᠯ᠎ᠡ ᠵᠦᠢᠯ ᠤᠨ ᠠᠵᠢᠯ ᠤᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃        ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠵᠢᠴᠢ  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠵᠡᠷᠭᠡ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠳᠠᠯᠳᠠ ᠭᠡᠮ ᠪᠣᠯᠣᠨ ᠠᠰᠠᠭᠤᠳᠠᠯ ᠢ ᠪᠠᠶᠢᠴᠠᠭᠠᠨ ᠴᠡᠭᠴᠡᠯᠡᠬᠦ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠦᠷᠭᠦᠯᠵᠢᠯᠡᠨ ᠰᠤᠳᠤᠯᠤᠨ ᠰᠦᠪᠡᠭᠴᠢᠯᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠠᠶᠢᠯᠪᠤᠷᠢᠯᠠᠯᠲᠠ ᠲᠠᠢ ᠰᠡᠳᠬᠢᠬᠦᠢ ᠶᠢ ᠪᠠᠲᠤ ᠪᠤᠢ ᠪᠣᠯᠭᠠᠵᠤ᠂ ︽ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ︾  ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠣᠭᠤᠮᠲᠠ ᠰᠢᠪᠲᠤᠯᠬᠤ ᠶᠢ ᠪᠦᠬᠦ ᠬᠦᠴᠦᠨ ᠢᠶᠠᠷ ᠢᠶᠠᠨ ᠰᠢᠪᠲᠤᠯᠵᠤ᠂ ᠪᠦᠬᠦ ᠲᠣᠭᠤᠷᠢᠭ ᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ