ᠨᠢᠭᠡ᠂ ᠬᠡᠷᠡᠭᠵᠢᠭᠦᠯᠬᠦ ᠬᠡᠪᠴᠢᠶ᠎ᠡ | ᠪᠥᠬᠦ ᠣᠷᠣᠨ ᠤ 12 ᠠᠶᠢᠮᠠᠭ ᠬᠤᠲᠠ᠂ 2 ᠲᠤᠰᠠᠭᠠᠷ ᠲᠥᠯᠥᠪᠯᠡᠭᠡᠲᠦ ᠬᠤᠲᠠ᠃ | ᠬᠤᠶᠠᠷ᠂ ᠨᠥᠬᠦᠪᠦᠷᠢ ᠣᠯᠭᠤᠬᠤ ᠡᠲᠡᠭᠡᠳ | ᠨᠥᠬᠦᠪᠦᠷᠢ ᠣᠯᠭᠤᠬᠤ ᠡᠲᠡᠭᠡᠳ ᠨᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ ᠲᠠᠢ ᠪᠠᠶᠢᠬᠤ ᠬᠡᠷᠡᠭᠲᠡᠢ᠂ ᠡᠳ᠋ ᠬᠥᠷᠥᠩᠭᠡ ᠶᠢᠨ | ᠪᠦᠲᠦᠴᠡ ᠵᠢᠴᠢ ᠡᠵᠡᠩᠨᠡᠯᠲᠡ ᠶᠢᠨ ᠪᠠᠶᠢᠳᠠᠯ ᠨᠢ ᠨᠡᠯᠢᠶᠡᠳ ᠰᠠᠶᠢᠨ ᠮᠥᠷᠲᠡᠭᠡᠨ ᠣᠷᠣᠨ ᠤ ᠳᠣᠲᠣᠷᠠᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ | ᠠᠬᠤᠶᠢᠯᠠᠯ ᠯᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠵᠤ᠂ 500 ᠮᠦ ᠠᠴᠠ ᠳᠡᠭᠡᠭᠰᠢ ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ | ᠳᠠᠷᠢᠭᠰᠠᠨ ᠲᠠᠷᠢᠶᠠᠴᠢᠳ ᠤᠨ ᠡᠪᠡᠰᠦ ᠪᠣᠷᠳᠤᠭ᠎ᠠ ᠶᠢᠨ ᠲᠤᠰᠬᠠᠢ ᠦᠢᠯᠡᠳᠪᠦᠷᠢᠯᠡᠯ ᠤᠨ ᠬᠤᠷᠰᠢᠶ᠎ᠠ᠂ ᠡᠪᠡᠰᠦ ᠪᠣᠷᠳᠤᠭ᠎ᠠ ᠶᠢ ᠦᠢᠯᠡᠳᠪᠦᠷᠢᠯᠡᠨ ᠡᠳ᠋ᠰᠢᠭᠦᠯᠬᠦ ᠠᠵᠤ | ᠠᠬᠤᠶᠢᠯᠠᠯ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠠᠬᠤᠶᠢᠯᠠᠯ ︵ᠲᠠᠯᠠᠪᠠᠶ︶᠂ ᠰᠠᠭᠠᠯᠢ ᠶᠢᠨ ᠲᠠᠷᠢᠶᠠᠴᠢᠳ ᠤᠨ ᠲᠤᠰᠬᠠᠢ ᠦᠢᠯᠡᠳᠪᠦᠷᠢᠯᠡᠯ ᠤᠨ | ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠ ᠴᠠᠷᠭᠠᠰᠤ ᠶᠢᠨ ᠲᠠᠷᠢᠮᠠᠯ ᠤᠨ ᠡᠷᠦᠬᠡ ᠵᠡᠷᠭᠡ ᠡᠵᠡᠩᠨᠡᠯᠲᠡ ᠶᠢᠨ ᠭᠤᠣᠯ ᠴᠣᠭᠴᠠ ᠨᠤᠭᠤᠳ | ᠪᠣᠯᠣᠨ᠎ᠠ᠃ ᠨᠥᠬᠦᠪᠦᠷᠢ ᠣᠯᠭᠤᠬᠤ ᠡᠲᠡᠭᠡᠳ ᠨᠢ ᠪᠣᠳᠠᠲᠠᠢ ᠦᠢᠯᠡᠳᠪᠦᠷᠢᠯᠡᠯ ᠤᠨ ᠡᠵᠡᠩᠨᠡᠭᠴᠢ ᠪᠣᠯᠣᠨ᠎ᠠ᠃ | ᠭᠤᠷᠪᠠ᠂ ᠨᠥᠬᠦᠪᠦᠷᠢ ᠥᠭᠬᠦ ᠪᠠᠷᠢᠮᠵᠢᠶ᠎ᠠ | ᠬᠠᠷᠢᠴᠠᠩᠭᠤᠢ ᠪᠠᠷ ᠲᠥᠪᠯᠡᠷᠡᠨ ᠵᠠᠯᠭᠠᠯᠳᠤᠭᠰᠠᠨ 500 ᠮᠦ ᠳᠠᠷᠢᠬᠤ ᠶᠢ ᠨᠢᠭᠡ ᠨᠥᠬᠦᠪᠦᠷᠢ ᠥᠭᠬᠦ ᠨᠢᠭᠡᠴᠡ ᠪᠣᠯᠭᠠᠵᠤ᠂ ᠨᠢᠭᠡ ᠨᠥᠬᠦᠪᠦᠷᠢ ᠥᠭᠬᠦ | ᠨᠢᠭᠡᠴᠡ ᠶᠢ ᠬᠠᠩᠭᠠᠭᠰᠠᠨ ᠰᠠᠭᠤᠷᠢᠨ ᠳᠡᠭᠡᠷ᠎ᠡ᠂ ᠪᠣᠳᠠᠲᠠᠢ ᠰᠢᠯᠭᠠᠨ ᠠᠪᠬᠤ ᠳᠤ ᠬᠢᠷᠢ ᠲᠡᠩᠴᠡᠭᠰᠡᠨ ᠲᠠᠯᠠᠪᠠᠶ ᠪᠠᠷ ᠨᠥᠬᠦᠪᠦᠷᠢ ᠥᠭᠭᠦᠨ᠎ᠡ᠃ ᠤᠯᠤᠰ᠂ ᠥᠪᠡᠷᠲᠡᠭᠡᠨ | ᠵᠠᠰᠠᠬᠤ ᠣᠷᠣᠨ ᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ 1 ᠵᠦᠢ ᠵᠣᠬᠢᠰᠲᠠᠢ ᠥᠰᠦᠯᠲᠡ ᠶᠢᠨ ᠦᠶᠡᠯᠡᠯ ᠤᠨ ᠬᠤᠭᠤᠴᠠᠭᠠᠨ ᠳᠤ ᠮᠦ ᠪᠦᠷᠢ 1000 | ᠲᠥᠭᠦᠷᠢᠭ ᠤᠨ ᠪᠠᠷᠢᠮᠵᠢᠶ᠎ᠠ ᠪᠠᠷ 3 ᠵᠢᠯ ᠬᠤᠪᠢᠶᠠᠨ ᠨᠥᠬᠦᠪᠦᠷᠢ ᠣᠯᠭᠤᠨ᠎ᠠ᠂ ᠡᠭᠦᠨ ᠳᠤ ᠨᠢᠭᠡᠳᠦᠭᠡᠷ ᠵᠢᠯ ᠳᠤ 600 ᠲᠥᠭᠦᠷᠢᠭ᠂ ᠬᠤᠶᠠᠳᠤᠭᠠᠷ ᠵᠢᠯ ᠳᠤ 200 | ᠲᠥᠭᠦᠷᠢᠭ᠂ ᠭᠤᠷᠪᠠᠳᠤᠭᠠᠷ ᠵᠢᠯ ᠳᠤ 200 ᠲᠥᠭᠦᠷᠢᠭ ᠪᠣᠯᠣᠨ᠎ᠠ᠃ ᠴᠠᠷᠭᠠᠰᠤ ᠶᠢᠨ ᠵᠦᠢ ᠵᠣᠬᠢᠰᠲᠠᠢ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠶᠢ ᠲᠥᠷᠥᠯ | ᠵᠦᠢᠯ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠲᠠᠷᠢᠮᠠᠯ ᠤᠨ ᠲᠥᠷᠥᠯ ᠵᠦᠢᠯ ᠵᠢᠴᠢ ᠠᠭᠤᠷ ᠠᠮᠢᠰᠬᠤᠯ ᠤᠨ ᠣᠷᠴᠢᠨ | ᠲᠣᠭᠤᠷᠢᠨ ᠤ ᠣᠨᠴᠠᠯᠢᠭ ᠵᠡᠷᠭᠡ ᠪᠣᠳᠠᠲᠠᠢ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠷᠴᠢᠮ ᠳᠡᠭᠡᠷ᠎ᠡ ᠪᠠᠨ 1 ᠵᠦᠢ ᠵᠣᠬᠢᠰᠲᠠᠢ | ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠶᠢ 5 ᠵᠢᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠲᠠᠷᠢᠮᠠᠯ ᠤᠨ ᠭᠤᠣᠯ ᠴᠣᠭᠴᠠ ᠨᠢ ᠥᠨᠳᠥᠷ ᠤᠨᠠᠯᠲᠠ ᠲᠠᠢ | ᠴᠢᠨᠠᠷ ᠰᠠᠶᠢᠲᠠᠢ ᠪᠠᠶᠢᠬᠤ ᠶᠢ ᠪᠠᠲᠤᠯᠠᠬᠤ ᠮᠥᠷᠲᠡᠭᠡᠨ 5 ᠵᠢᠯ ᠤᠨ ᠳᠣᠲᠣᠷ᠎ᠠ ᠳᠠᠬᠢᠨ ᠳᠠᠷᠢᠬᠤ ᠦᠭᠡᠢ ᠪᠠᠶᠢᠬᠤ ᠶᠢ ᠪᠠᠲᠤᠯᠠᠵᠤ᠂ ᠳᠠᠷᠢᠬᠤ ᠭᠠᠵᠠᠷ ᠤᠨ ᠲᠠᠯᠠᠪᠠᠶ ᠶᠢ | ᠪᠠᠭᠠᠰᠬᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ | ᠳᠥᠷᠪᠡ᠂ ᠨᠥᠬᠦᠪᠦᠷᠢ ᠥᠭᠬᠦ ᠠᠷᠭ᠎ᠠ ᠬᠡᠯᠪᠡᠷᠢ | ︽ᠤᠷᠢᠳᠠᠪᠠᠷ ᠳᠠᠷᠢᠵᠤ ᠳᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢ ᠠᠪᠴᠤ᠂ ᠨᠥᠬᠦᠪᠦᠷᠢ | ᠭᠤᠶᠤᠴᠢᠯᠠᠬᠤ ᠶᠢ ᠬᠡᠷᠡᠭᠵᠢᠭᠦᠯᠬᠦ ᠭᠤᠣᠯ ᠴᠣᠭᠴᠠ ᠨᠢ ᠬᠡᠷᠡᠭᠵᠢᠭᠦᠯᠬᠦ ᠲᠥᠰᠥᠯ ᠤᠨ ᠶᠣᠰᠣᠭᠠᠷ ᠴᠠᠷᠭᠠᠰᠤ ᠶᠢᠨ ᠡᠪᠡᠰᠦ ᠶᠢ ᠤᠷᠢᠳᠠᠪᠠᠷ ᠳᠠᠷᠢᠵᠤ᠂ ᠰᠢᠯᠭᠠᠨ | ᠠᠪᠬᠤ ᠳᠤ ᠬᠢᠷᠢ ᠲᠡᠩᠴᠡᠭᠰᠡᠨ ᠳᠠᠷᠢᠬᠤ ᠲᠠᠯᠠᠪᠠᠶ ᠳᠤ ᠲᠠᠰ ᠳᠠᠷᠠᠭᠠᠯᠠᠯ ᠶᠣᠰᠣᠭᠠᠷ ᠲᠡᠭᠦᠨ ᠳᠤ ᠨᠥᠬᠦᠪᠦᠷᠢ ᠥᠭᠭᠦᠨ᠎ᠡ᠃ | ᠲᠠᠪᠤ᠂ ᠬᠡᠷᠡᠭᠵᠢᠭᠦᠯᠬᠦ ᠴᠤᠪᠤᠷᠠᠯ | 1. ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ᠱᠠᠭᠠᠷᠳᠠᠯᠭ᠎ᠠ ᠶᠣᠰᠣᠭᠠᠷ ᠭᠤᠶᠤᠴᠢᠯᠠᠯ ᠤᠨ ᠬᠦᠰᠦᠨᠦᠭᠲᠦ ᠶᠢ ᠲᠠᠭᠯᠠᠨ᠂ ᠭᠡᠷᠡᠴᠢᠯᠡᠬᠦ ᠮᠠᠲ᠋ᠧᠷᠢᠶᠠᠯ ︵ᠲᠠᠮᠠᠭ᠎ᠠ ᠪᠠᠨ | ᠳᠠᠷᠤᠨ᠎ᠠ︶ ᠬᠠᠩᠭᠠᠨ᠎ᠠ᠃ | 2. ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ | ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠳᠤ ᠲᠠᠨᠢᠯᠴᠠᠭᠤᠯᠵᠤ᠂ ᠲᠥᠷᠥᠯ ᠵᠦᠢᠯ ᠲᠣᠭᠲᠠᠭᠠᠬᠤ ᠶᠢ ᠭᠤᠶᠤᠴᠢᠯᠠᠨ᠎ᠠ᠃ | 3. ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠷᠥᠯ ᠵᠦᠢᠯ ᠳᠤ ᠬᠢᠨᠠᠨ ᠲᠣᠭᠲᠠᠭᠠᠯᠲᠠ | ᠬᠢᠵᠦ ᠂ ᠲᠣᠭᠲᠠᠭᠠᠭᠰᠠᠨ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢ ᠢᠯᠡ ᠨᠡᠶᠢᠲᠡᠯᠡᠵᠦ᠂ ᠢᠯᠡ ᠨᠡᠶᠢᠲᠡᠯᠡᠭᠡᠳ ᠣᠨᠳᠣᠣ ᠰᠠᠨᠠᠯ ᠦᠭᠡᠢ ᠪᠣᠯᠤᠭᠰᠠᠨ ᠤ | ᠳᠠᠷᠠᠭ᠎ᠠ ᠲᠥᠷᠥᠯ ᠵᠦᠢᠯ ᠲᠣᠭᠲᠠᠭᠠᠵᠤ ᠴᠣᠬᠤᠯᠠᠪᠤᠷᠢᠯᠠᠨ ᠬᠠᠷᠢᠭᠤᠯᠤᠨ᠎ᠠ᠃ | 4. ᠬᠡᠷᠡᠭᠵᠢᠭᠦᠯᠬᠦ ᠭᠤᠣᠯ ᠴᠣᠭᠴᠠ ᠠᠴᠠ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠰᠢᠯᠭᠠᠨ ᠠᠪᠬᠤ | ᠭᠤᠶᠤᠴᠢᠯᠠᠯ ᠢᠶᠠᠨ ᠳᠤᠷᠠᠳᠴᠤ᠂ ᠠᠶᠢᠮᠠᠭ ᠬᠤᠳᠠ ᠠᠴᠠ ᠬᠤᠰᠢᠭᠤ ᠰᠢᠶᠠᠨ ᠢ ᠵᠣᠬᠢᠶᠠᠨ ᠪᠠᠶᠢᠭᠤᠯᠤᠨ ᠲᠥᠷᠥᠯ ᠵᠦᠢᠯ ᠢ ᠬᠢᠨᠠᠨ ᠪᠠᠶᠢᠴᠠᠭᠠᠵᠤ ᠰᠢᠯᠭᠠᠨ ᠠᠪᠴᠤ᠂ | ᠢᠯᠡ ᠨᠡᠶᠢᠲᠡᠯᠡᠵᠦ᠂ ᠬᠤᠰᠢᠭᠤ ᠰᠢᠶᠠᠨ ᠤ ᠰᠢᠯᠭᠠᠨ ᠠᠪᠤᠭᠰᠠᠨ ᠦᠷ᠎ᠡ ᠳ᠋ᠦᠩ ᠢ ᠬᠤᠷᠢᠶᠠᠩᠭᠤᠶᠢᠯᠠᠨ ᠬᠢᠨᠠᠨ ᠰᠢᠯᠭᠠᠭᠰᠠᠨ ᠤ ᠲᠠᠷᠠᠭ᠎ᠠ ᠥᠪᠡᠷᠲᠡᠭᠡᠨ ᠵᠠᠰᠠᠬᠤ | ᠣᠷᠣᠨ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠠᠶᠢᠮᠠᠭ ᠬᠤᠳᠠ ᠠᠴᠠ ᠪᠡᠯᠡ ᠮᠥᠩᠭᠦ ᠶᠢ ᠲᠠᠷᠢᠮᠠᠯ ᠤᠨ ᠭᠤᠣᠯ ᠴᠣᠭᠴᠠ ᠳᠤ ᠣᠯᠭᠤᠨ᠎ᠠ᠃ |