ᠨᠢᠭᠡ᠂ ᠨᠥᠬᠦᠪᠦᠷᠢ ᠣᠯᠭᠤᠬᠤ ᠡᠲᠡᠭᠡᠳ | ᠰᠢᠯᠢᠳᠡᠭ ᠡᠭᠦᠯᠳᠡᠷ ᠤᠨ ᠬᠤᠴᠠ ᠶᠢ ᠬᠡᠷᠡᠭᠯᠡᠨ ᠦᠷᠡᠵᠢᠭᠦᠯᠵᠦ ᠪᠠᠶᠢᠭ᠎ᠠ ᠦᠷᠡᠵᠢᠵᠦ ᠳᠡᠶᠢᠯᠬᠦ ᠡᠮ᠎ᠡ ᠬᠤᠨᠢ ᠶᠢ 30 ᠠᠴᠠ ᠳᠡᠭᠡᠭᠰᠢ ᠲᠡᠵᠢᠭᠡᠨ ᠦᠷᠡᠵᠢᠭᠦᠯᠬᠦ | ᠳᠠᠯᠠᠪᠠᠢ ︵ᠡᠷᠦᠬᠡ︶᠂ ᠲᠡᠵᠢᠭᠡᠨ ᠦᠷᠡᠵᠢᠭᠦᠯᠬᠦ ᠳᠠᠯᠠᠪᠠᠢ ᠶᠢᠨ ᠬᠤᠭᠤᠷᠣᠨᠳᠤ ᠪᠠᠨ ᠡᠭᠦᠯᠳᠡᠷ ᠰᠣᠯᠢᠪᠠᠯ ᠨᠥᠬᠦᠪᠦᠷᠢ ᠥᠭᠬᠦ ᠦᠭᠡᠢ ᠮᠥᠷᠲᠡᠭᠡᠨ ᠨᠥᠬᠦᠪᠦᠷᠢ | ᠥᠭᠬᠦ ᠳᠤ ᠣᠷᠣᠯᠴᠠᠭᠰᠠᠨ ᠥᠪᠥᠷ ᠮᠣᠩᠭᠤᠯ ᠤᠨ ᠨᠣᠯᠤᠤᠷ ᠤᠨ ᠢᠮᠠᠭᠠᠨ ᠤ ᠡᠭᠦᠯᠳᠡᠷ ᠤᠨ ᠤᠬᠤᠨᠠᠶᠢᠨ ᠨᠣᠯᠤᠤᠷ ᠤᠨ ᠰᠢᠷᠬᠡᠭ ᠤᠨ ᠨᠠᠷᠢᠯᠠᠭ ᠤᠨ ᠬᠡᠮᠵᠢᠶ᠎ᠡ ᠨᠢ | ᠡᠷᠬᠡᠪᠰᠢ 14.5 ᠮᠢᠺᠷᠤᠮᠧᠲ ᠠᠴᠠ ᠳᠣᠷᠣᠭᠰᠢ ᠪᠠᠶᠢᠬᠤ ᠬᠡᠷᠡᠭᠲᠡᠢ᠃ ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢ ᠬᠡᠷᠡᠭᠯᠡᠨ ᠵᠤᠬᠢᠶᠠᠮᠠᠯ | ᠬᠡᠭᠡᠯᠳᠦᠭᠦᠯᠭᠡ ᠬᠢᠵᠦ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ᠃ | ᠬᠤᠶᠠᠷ᠂ ᠨᠥᠬᠦᠪᠦᠷᠢ ᠣᠯᠭᠤᠬᠤ ᠪᠠᠷᠢᠮᠵᠢᠶ᠎ᠠ | ᠨᠥᠬᠦᠪᠦᠷᠢ ᠶᠢᠨ ᠪᠠᠷᠢᠮᠵᠢᠶ᠎ᠠ ᠶᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠬ᠎ᠠ | ᠳᠡᠯᠭᠡᠭᠦᠷ ᠤᠨ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠲᠣᠭᠲᠠᠭᠠᠨ᠎ᠠ᠃ ᠵᠠᠷᠴᠢᠮ ᠳᠡᠭᠡᠷ᠎ᠡ ᠪᠠᠨ ᠣᠷᠣᠨ ᠨᠤᠲᠤᠭ ᠤᠨ ᠡᠭᠦᠯᠳᠡᠷ ᠤᠨ ᠬᠤᠴᠠ ᠨᠢᠭᠡᠪᠦᠷᠢ ᠶᠢᠨ | ᠨᠥᠬᠦᠪᠦᠷᠢ ᠶᠢ 1600 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠂ ᠪᠤᠶᠢᠵᠢᠭᠤᠯᠤᠭᠰᠠᠨ ᠡᠭᠦᠯᠳᠡᠷ ᠪᠣᠯᠣᠨ ᠭᠠᠳᠠᠭᠠᠳᠤ ᠠᠴᠠ ᠣᠷᠣᠭᠤᠯᠤᠭᠰᠠᠨ ᠡᠭᠦᠯᠳᠡᠷ | ᠨᠢᠭᠡᠪᠦᠷᠢ ᠶᠢᠨ ᠨᠥᠬᠦᠪᠦᠷᠢ ᠶᠢ 3000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ᠰᠠᠭᠤᠷᠢ ᠦᠨᠢᠶ᠎ᠡ ᠨᠢᠭᠡᠪᠦᠷᠢ ᠳᠤ ᠬᠤᠶᠠᠷ ᠤᠳᠠᠭ᠎ᠠ ᠢᠴᠡᠭᠡᠯ ᠦᠷ᠎ᠡ | ᠨᠥᠬᠦᠪᠦᠷᠢᠯᠡᠵᠦ᠂ ᠢᠴᠡᠭᠡᠯ ᠦᠷ᠎ᠡ ᠨᠢᠭᠡᠪᠦᠷᠢ ᠳᠤ 5 ᠲᠥᠭᠦᠷᠢᠭ ᠨᠥᠬᠦᠪᠦᠷᠢᠯᠡᠨ᠎ᠡ᠃ | ᠭᠤᠷᠪᠠ᠂ ᠭᠤᠶᠤᠴᠢᠯᠠᠨ ᠮᠡᠳᠡᠭᠦᠯᠬᠦ ᠴᠤᠪᠤᠷᠠᠯ | 1. ᠬᠤᠴᠠᠨ ᠤ ᠨᠥᠬᠦᠪᠦᠷᠢ᠃ ᠨᠥᠬᠦᠪᠦᠷᠢ ᠣᠯᠭᠤᠬᠤ ᠨᠥᠬᠦᠴᠡᠯ ᠳᠤ ᠨᠡᠶᠢᠴᠡᠬᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠬᠤᠰᠢᠭᠤ ᠰᠢᠶᠠᠨ ᠤ | ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠪᠢᠴᠢᠭ ᠤᠨ ᠭᠤᠶᠤᠴᠢᠯᠠᠯ ᠢᠶᠠᠨ ᠲᠤᠰᠢᠶᠠᠨ᠎ᠠ︔ ᠬᠤᠰᠢᠭᠤ ᠰᠢᠶᠠᠨ ᠤ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ ᠠᠵᠢᠯᠲᠠᠨ ᠢᠶᠠᠨ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ | ᠠᠪᠴᠤ᠂ ᠨᠥᠬᠦᠪᠦᠷᠢ ᠭᠤᠶᠤᠴᠢᠯᠠᠨ ᠮᠡᠳᠡᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠦᠷᠡᠵᠢᠵᠦ ᠳᠡᠶᠢᠯᠬᠦ ᠡᠮ᠎ᠡ ᠬᠤᠨᠢᠨ ᠤ ᠲᠤᠭ᠎ᠠ᠂ ᠬᠤᠳᠠᠯᠳᠤᠨ | ᠠᠪᠤᠭᠰᠠᠨ ᠬᠤᠴᠠ ᠶᠢ ᠬᠠᠷᠭᠤᠭᠤᠯᠤᠨ ᠪᠠᠶᠢᠴᠠᠭᠠᠵᠤ᠂ ᠳᠡᠩᠰᠡᠯᠡᠨ ᠲᠡᠮᠳᠡᠭᠯᠡᠨ᠎ᠡ︔ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ | ᠰᠤᠮᠤ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠤᠨ ᠨᠥᠬᠦᠪᠦᠷᠢ ᠬᠦᠷᠲᠡᠵᠦ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠢ ᠡᠷᠥᠭᠡ ᠶᠢ ᠵᠠᠷᠯᠠᠨ ᠨᠡᠶᠢᠲᠡᠯᠡᠨ᠎ᠡ᠃ | 2. ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢᠨ ᠨᠥᠬᠦᠪᠦᠷᠢ᠃ ᠨᠥᠬᠦᠪᠦᠷᠢ ᠣᠯᠭᠤᠬᠤ ᠨᠥᠬᠦᠴᠡᠯ ᠳᠤ ᠨᠡᠶᠢᠴᠡᠬᠦ ᠲᠡᠵᠢᠭᠡᠨ | ᠦᠷᠡᠵᠢᠭᠦᠯᠬᠦ ᠲᠠᠯᠠᠪᠠᠶ ᠡᠷᠦᠬᠡ ᠬᠤᠰᠢᠭᠤ ᠰᠢᠶᠠᠨ ᠤ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠪᠢᠴᠢᠭ ᠤᠨ ᠭᠤᠶᠤᠴᠢᠯᠠᠯ ᠢᠶᠠᠨ | ᠲᠤᠰᠢᠶᠠᠨ᠎ᠠ︔ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ︽ᠦᠷᠡᠵᠢᠬᠦ ᠡᠬᠡ ᠮᠠᠯ ᠢ ᠦᠵᠡᠬᠦ᠂ ᠢᠴᠡᠭᠡᠯ ᠦᠷ᠎ᠡ ᠶᠢᠨ ᠨᠠᠷᠢᠨ | ᠭᠤᠤᠷᠰᠤ ᠶᠢ ᠦᠵᠡᠬᠦ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢ ᠦᠵᠡᠬᠦ᠂ ᠲᠡᠵᠢᠭᠡᠨ ᠦᠷᠡᠵᠢᠭᠦᠯᠦᠭᠰᠡᠨ ᠲᠠᠩᠰᠠ ᠡᠪᠬᠡᠮᠡᠯ ᠢ ᠦᠵᠡᠬᠦ︾ ᠶᠣᠰᠣᠭᠠᠷ ᠬᠢᠨᠠᠨ | ᠪᠠᠶᠢᠴᠠᠭᠠᠨ᠎ᠠ᠃ ᠠᠶᠢᠮᠠᠭ ᠬᠤᠳᠠ᠂ ᠬᠤᠰᠢᠭᠤ ᠰᠢᠶᠠᠨ ᠪᠣᠳᠠᠲᠤ ᠪᠠᠶᠢᠳᠠᠯ ᠢᠶᠠᠨ ᠦᠨᠳᠦᠰᠦᠯᠡᠨ ᠢᠴᠡᠭᠡᠯ ᠦᠷ᠎ᠡ ᠶᠢ ᠨᠢᠭᠡᠳᠦᠯᠲᠡᠢ ᠬᠤᠳᠠᠯᠳᠤᠨ ᠠᠪᠴᠤ ᠲᠠᠷᠬᠠᠭᠠᠵᠤ | ᠪᠣᠯᠬᠤ ᠪᠤᠶᠤ ᠵᠠᠰᠠᠭ ᠤᠨ ᠣᠷᠳᠣᠨ ᠳᠠᠮᠵᠢᠨ ᠬᠤᠳᠠᠯᠳᠤᠨ ᠠᠪᠤᠭᠰᠠᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠬᠡᠷᠡᠭᠵᠢᠭᠦᠯᠦᠨ᠎ᠡ᠃ | ᠳᠥᠷᠪᠡ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ | ᠬᠤᠴᠠᠨ ᠤ ᠨᠥᠬᠦᠪᠦᠷᠢ᠄ ᠬᠤᠴᠠᠨ ᠤ ᠬᠡᠷᠡᠯ ᠵᠢᠷᠤᠭ᠂ ᠤᠳᠤᠮ ᠤᠨ ᠴᠠᠳᠢᠭ ᠤᠨ ᠲᠠᠩᠰᠠ ᠡᠪᠬᠡᠮᠡᠯ︔ ᠦᠷ᠎ᠡ ᠬᠠᠩᠭᠠᠬᠤ ᠨᠢᠭᠡᠴᠡ ᠦᠷ᠎ᠡ ᠶᠢᠨ ᠮᠠᠯ | ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ︔ ᠬᠤᠳᠠᠯᠳᠤᠨ ᠠᠪᠬᠤ ᠭᠡᠷ᠂ ᠪᠠᠷᠢᠮᠲᠠ ᠪᠤᠶᠤ ᠵᠣᠭᠤᠰ ᠦᠭᠭᠦᠭᠰᠡᠨ ᠭᠡᠷᠡᠴᠢ ᠪᠠᠷᠢᠮᠲᠠ | ᠵᠡᠷᠭᠡ ᠬᠤᠳᠠᠯᠳᠤᠨ ᠠᠪᠬᠤ ᠭᠡᠷᠡᠴᠢ ᠮᠠᠲ᠋ᠧᠷᠢᠶᠠᠯ︔ ᠬᠤᠳᠠᠯᠳᠤᠨ ᠠᠪᠤᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠃ | ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢᠨ ᠨᠥᠬᠦᠪᠦᠷᠢ᠄ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠭᠤᠶᠤᠴᠢᠯᠠᠨ ᠮᠡᠳᠡᠭᠦᠯᠬᠦ ᠳᠤ | ᠲᠡᠵᠢᠭᠡᠨ ᠦᠷᠡᠵᠢᠭᠦᠯᠬᠦ ᠲᠠᠯᠠᠪᠠᠶ ᠶᠢᠨ ᠲᠡᠵᠢᠭᠡᠵᠦ ᠪᠠᠶᠢᠭ᠎ᠠ ᠮᠡᠳᠡᠭᠡ ᠵᠠᠩᠭᠢ᠂ ᠤᠳᠤᠮ ᠤᠨ ᠴᠠᠳᠢᠭ ᠤᠨ ᠮᠡᠳᠡᠭᠡ ᠵᠠᠩᠭᠢ᠂ ᠳᠡᠩᠰᠡᠯᠡᠨ ᠳᠡᠪᠲᠡᠷᠯᠡᠭᠰᠡᠨ᠂ ᠳᠡᠩᠰᠡᠯᠡᠨ | ᠺᠠᠷᠳ᠋ᠯᠠᠭᠰᠠᠨ ᠪᠠᠶᠢᠳᠠᠯ ᠢ ᠬᠠᠩᠭᠠᠵᠤ᠂ ᠢᠴᠡᠭᠡᠯ ᠦᠷ᠎ᠡ ᠬᠤᠳᠠᠯᠳᠤᠨ ᠠᠪᠤᠭᠰᠠᠨ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠠᠶᠢᠮᠠᠭ ᠬᠤᠳᠠ᠂ ᠬᠤᠰᠢᠭᠤ | ᠰᠢᠶᠠᠨ ᠨᠢᠭᠡᠳᠦᠯᠲᠡᠢ ᠬᠤᠳᠠᠯᠳᠤᠨ ᠠᠪᠬᠤ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ᠂ ᠬᠤᠳᠠᠯᠳᠤᠨ ᠠᠪᠬᠤ ᠨᠠᠷᠢᠨ ᠵᠦᠢᠯᠡᠰ᠂ ᠲᠠᠷᠬᠠᠭᠠᠬᠤ ᠨᠠᠷᠢᠨ | ᠵᠦᠢᠯᠡᠰ ︵ᠭᠥᠯᠢᠶᠡᠨ ᠠᠪᠤᠭᠴᠢ ᠭᠠᠷ ᠤᠨ ᠥᠰᠥᠭ ᠵᠢᠷᠤᠬᠤ ᠴᠢᠬᠤᠯᠠᠲᠠᠢ︶᠂ ᠲᠠᠷᠬᠠᠭᠠᠬᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠡᠵᠢᠭᠡᠵᠦ ᠪᠠᠶᠢᠭ᠎ᠠ ᠮᠡᠳᠡᠭᠡ | ᠵᠠᠩᠭᠢ᠂ ᠲᠡᠵᠢᠭᠡᠨ ᠦᠷᠡᠵᠢᠭᠦᠯᠦᠭᠰᠡᠨ ᠲᠠᠩᠰᠠ ᠡᠪᠬᠡᠮᠡᠯ ᠢ ᠬᠠᠩᠭᠠᠬᠤ ᠬᠡᠷᠡᠭᠲᠡᠢ᠃ |