ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 20 ᠳ᠋ᠤᠭᠠᠷ ᠲᠣᠭᠠᠲᠤ | | | ᠪᠦᠢᠺᠦ ᠪᠥᠮᠪᠥᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠪᠡᠶ᠎ᠡ ᠶᠢᠨ ᠲᠠᠮᠢᠷ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠤᠶᠢᠺᠤ ᠪᠥᠮᠪᠥᠭᠡᠨ ᠤ ᠲᠥᠷᠥᠯ ᠵᠦᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ | ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ ᠬᠥᠮᠥᠨ ᠢᠶᠠᠷ ᠦᠨᠳᠦᠰᠦ ᠪᠣᠯᠭᠠᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠮᠣᠷᠢᠨᠳᠠᠪᠠᠭ᠎ᠠ | ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ︵ᠳᠣᠷᠣᠭᠰᠢ ᠮᠣᠷᠢᠨᠳᠠᠪᠠᠭ᠎ᠠ ᠬᠤᠰᠢᠭᠤ ᠭᠡᠵᠦ ᠲᠣᠪᠴᠢᠯᠠᠨ᠎ᠠ︶ ᠤ ᠪᠤᠶᠢᠺᠤ ᠪᠥᠮᠪᠥᠭᠡᠨ ᠤ ᠲᠥᠷᠥᠯ | ᠵᠦᠢᠯ ᠤᠨ ᠬᠥᠭᠵᠢᠯᠲᠡ ᠪᠠᠷ ᠵᠢᠱᠢᠶ᠎ᠡ ᠦᠵᠡᠭᠦᠯᠵᠦ᠂ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠤᠶᠢᠺᠤ ᠪᠥᠮᠪᠥᠭᠡᠨ ᠤ | ᠬᠥᠳᠡᠯᠭᠡᠭᠡᠨ ᠳᠤ ᠣᠷᠤᠯᠴᠠᠬᠤ ᠬᠥᠮᠥᠨ ᠠᠮᠠ ᠶᠢᠨ ᠬᠡᠪᠴᠢᠶᠡᠵᠢᠯ ᠢ ᠥᠷᠭᠡᠳᠬᠡᠨ᠎ᠡ᠃ 2025 ᠣᠨ ᠪᠣᠯᠬᠤ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠪᠥᠬᠦ | ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠢᠳᠡᠪᠬᠢᠲᠡᠢ ᠪᠡᠯᠡᠳᠬᠡᠯ ᠬᠢᠵᠦ᠂ ᠡᠷᠡᠭᠲᠡᠢ ᠶᠢᠨ ᠪᠤᠶᠢᠺᠤ ᠪᠥᠮᠪᠥᠭᠡᠨ ᠤ ᠲᠥᠷᠥᠯ ᠵᠦᠢᠯ ᠳᠤ ︽ | ᠬᠤᠶᠠᠳᠤᠭᠠᠷ ᠢᠶᠠᠨ ᠪᠠᠲᠤᠯᠠᠭᠰᠠᠨ ᠰᠠᠭᠤᠷᠢᠨ ᠳᠤ ᠮᠠᠩᠯᠠᠶᠢᠯᠠᠬᠤ ᠪᠠᠷ ᠮᠡᠷᠡᠶᠢᠨ ᠲᠡᠮᠡᠴᠡᠵᠦ︾᠂ ᠡᠮᠡᠭᠲᠡᠢ ᠶᠢᠨ ᠪᠤᠶᠢᠺᠤ ᠪᠥᠮᠪᠥᠭᠡᠨ ᠤ ᠲᠥᠷᠥᠯ ᠵᠦᠢᠯ ᠳᠤ ︽ᠳᠤᠮᠳᠠ | ᠲᠦᠪᠰᠢᠨ ᠳᠤ ᠳᠠᠪᠰᠢᠨ ᠣᠷᠣᠬᠤ︾ ᠶᠢ ᠪᠡᠶᠡᠯᠡᠭᠦᠯᠵᠦ᠂ ᠱᠠᠲᠤᠯᠢᠭ ᠪᠡᠯᠡᠳᠬᠡᠯ ᠡᠩᠨᠡᠭᠡᠨ ᠤ ᠪᠠᠶᠢᠭᠤᠯᠤᠯᠲᠠ ᠶᠢ ᠠᠩᠬ᠎ᠠ ᠠᠯᠬᠤᠮ ᠬᠡᠪᠴᠢᠶ᠎ᠡ ᠲᠠᠢ ᠪᠣᠯᠭᠠᠨ᠎ᠠ᠃ | 2030 ᠣᠨ ᠪᠣᠯᠬᠤ ᠳᠤ᠂ ᠪᠥᠬᠦ ᠣᠷᠣᠨ ᠳᠤ ᠪᠤᠶᠢᠺᠤ ᠪᠥᠮᠪᠥᠭᠡᠨ ᠤ ᠪᠡᠯᠡᠳᠬᠡᠯ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠢ ᠨᠠᠭᠠᠲᠤ ᠵᠠᠬ᠎ᠠ ᠳᠤ ᠪᠠᠨ | 15 ︵ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠰᠠᠭᠤᠷᠢᠨ ᠭᠠᠵᠠᠷ ᠤᠨ ᠶᠡᠷᠦᠩᠬᠡᠢ ᠲᠤᠭ᠎ᠠ ᠬᠡᠮᠵᠢᠶ᠎ᠡ︶ ᠪᠠᠶᠢᠭᠤᠯᠵᠤ᠂ ᠳᠠᠩᠰᠠᠯᠠᠭᠤᠯᠤᠭᠰᠠᠨ | ᠲᠠᠮᠢᠷᠴᠢᠳ ᠢ 2000 ᠬᠥᠮᠥᠨ ᠳᠤ ᠬᠦᠷᠦᠭᠦᠯᠵᠦ᠂ ᠪᠣᠯᠪᠠᠰᠤᠷᠠᠯ ᠳᠤ ᠪᠠᠶᠢᠩᠭᠤ ᠣᠷᠣᠯᠴᠠᠬᠤ ᠵᠠᠯᠠᠭᠤᠴᠤᠳ ᠪᠠᠭᠠᠴᠤᠳ ᠢ ᠲᠦᠮᠡᠨ ᠬᠥᠮᠥᠨ ᠠᠴᠠ ᠳᠠᠪᠠᠭᠤᠯᠤᠨ᠂ | ᠮᠥᠷᠦ᠋ᠢᠴᠡᠭᠡᠨ ᠤ ᠬᠢᠷᠢ ᠲᠦᠪᠰᠢᠨ ᠲᠡᠷᠢᠭᠦᠯᠡᠭᠰᠡᠨ᠂ ᠤᠷᠤᠯᠳᠤᠭᠠᠨ ᠤ ᠲᠣᠭᠲᠠᠯᠴᠠᠭ᠎ᠠ ᠲᠡᠭᠦᠯᠳᠡᠷ᠂ ᠲᠠᠯᠠᠪᠤᠷ ᠪᠡᠯᠡᠳᠬᠡᠮᠵᠢ ᠶᠢᠨ ᠪᠠᠲᠤᠯᠠᠭ᠎ᠠ ᠬᠦᠴᠦᠲᠡᠢ᠂ | ᠴᠢᠳᠠᠪᠤᠷᠢᠲᠠᠨ ᠬᠥᠮᠥᠵᠢᠭᠦᠯᠬᠦ ᠲᠣᠭᠲᠠᠯᠴᠠᠭ᠎ᠠ ᠪᠦᠷᠢᠨᠰᠢᠭᠰᠡᠨ᠂ ᠲᠠᠮᠢᠷ ᠤᠨ ᠬᠥᠳᠡᠯᠭᠡᠭᠡᠨ ᠤ ᠲᠦᠭᠡᠮᠡᠯᠵᠢᠭᠦᠯᠦᠯᠲᠡ ᠶᠢᠨ ᠨᠣᠷᠮ᠎ᠠ ᠪᠠᠷ ᠨᠡᠯᠢᠶᠡᠳ ᠥᠨᠳᠥᠷ ᠪᠠᠶᠢᠬᠤ | ᠪᠥᠬᠦ ᠤᠯᠤᠰ ᠤᠨ ᠪᠤᠶᠢᠺᠤ ᠪᠥᠮᠪᠥᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | ᠬᠤᠶᠠᠷ᠂ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠬᠢᠷᠢ ᠲᠦᠪᠰᠢᠨ ᠢ ᠲᠦᠷᠭᠡᠬᠡᠨ ᠳᠡᠭᠡᠭᠰᠢᠯᠡᠭᠦᠯᠦᠨ᠎ᠡ ᠰᠢᠨᠵᠢᠯᠡᠬᠦ ᠤᠬᠠᠭᠠᠨᠴᠢ ᠪᠥᠭᠡᠳ ᠵᠢᠷᠣᠮᠵᠢᠭᠤᠨ | ᠪᠦᠬᠦᠢ ᠲᠠᠮᠢᠷᠴᠢᠨ ᠢ ᠰᠢᠯᠢᠨ ᠰᠣᠩᠭᠤᠬᠤ ᠲᠣᠭᠲᠠᠴᠠ᠂ ᠰᠢᠯᠭᠠᠨ ᠬᠢᠨᠠᠬᠤ ᠪᠠᠷᠢᠮᠵᠢᠶ᠎ᠠ᠂ ᠡᠳᠦᠷ ᠲᠤᠳᠤᠮ ᠤᠨ ᠬᠠᠮᠢᠶᠠᠷᠤᠯᠲᠠ᠂ ᠱᠠᠩᠨᠠᠵᠤ ᠲᠣᠷᠭᠠᠬᠤ ᠵᠡᠷᠭᠡ | ᠳᠦᠷᠢᠮ ᠢ ᠲᠣᠭᠲᠠᠭᠠᠵᠤ᠂ ᠴᠢᠳᠠᠪᠤᠷᠢᠲᠠᠨ ᠢ ᠢᠯᠡᠷᠡᠭᠦᠯᠵᠦ ᠬᠥᠮᠥᠵᠢᠭᠦᠯᠦᠨ᠎ᠡ᠃ 2025 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠪᠤᠶᠢᠺᠤ ᠪᠥᠮᠪᠥᠭᠡᠨ ᠤ | ᠲᠤᠰᠬᠠᠢ ᠮᠡᠷᠭᠡᠵᠢᠯ ᠤᠨ ᠠᠩᠭᠢ ᠶᠢᠨ ᠪᠦᠲᠦᠴᠡ ᠶᠢ ᠨᠢ ᠨᠠᠩ ᠰᠢᠯᠢᠳᠡᠭ᠂ ᠪᠣᠳᠠᠲᠤ ᠬᠦᠴᠦᠨ ᠢ ᠨᠢ ᠨᠠᠩ ᠴᠢᠩᠭ᠎ᠠ ᠪᠣᠯᠭᠠᠵᠤ᠂ ᠬᠤᠶᠠᠳᠤᠭᠠᠷ ᠹᠷᠣᠨᠲ ᠤᠨ | ᠡᠩᠨᠡᠭᠡᠨ ᠤ ᠲᠤᠭ᠎ᠠ ᠬᠡᠮᠵᠢᠶ᠎ᠡ ᠶᠢ ᠭᠦᠢᠴᠡᠳ ᠬᠠᠩᠭᠠᠭᠠᠯᠳᠠᠢ᠂ ᠳᠠᠯᠳᠠ ᠬᠦᠴᠦᠨ ᠢ ᠨᠢ ᠲᠣᠪᠤᠶᠢᠮ᠎ᠠ ᠪᠣᠯᠭᠠᠬᠤ ᠪᠠᠷ ᠬᠦᠴᠦᠯᠡᠨ ᠴᠢᠷᠮᠠᠶᠢᠨ᠎ᠠ \᠃ ︽ᠬᠦᠴᠢᠷ | ᠠᠭᠤᠯᠭ᠎ᠠ ᠲᠣᠬᠢᠷᠠᠭᠤᠯᠬᠤ᠂ ᠴᠢᠩᠭ᠎ᠠ ᠱᠠᠭᠠᠷᠳᠠᠬᠤ᠂ ᠪᠣᠳᠠᠲᠤ ᠣᠷᠣᠯᠳᠣᠭᠠᠨ ᠠᠴᠠ ᠡᠭᠦᠰᠴᠦ᠂ ᠪᠡᠶ᠎ᠡ ᠶᠢᠨ ᠳᠠᠭᠠᠭᠠᠴᠠ ᠳᠤ ᠣᠶᠢᠷᠠᠲᠤᠭᠰᠠᠨ ᠬᠥᠳᠡᠯᠭᠡᠭᠡᠨ ᠤ | ᠬᠡᠮᠵᠢᠶ᠎ᠡ ᠶᠢ ᠦᠵᠡᠵᠦ ᠰᠢᠨᠵᠢᠯᠡᠬᠦ ᠤᠬᠠᠭᠠᠨᠴᠢ ᠪᠠᠷ ᠰᠤᠷᠭᠠᠭᠤᠯᠢᠯᠠᠯ ᠬᠦᠷᠲᠡᠭᠡᠬᠦ︾ ᠵᠠᠷᠴᠢᠮ ᠢ ᠪᠠᠷᠢᠮᠲᠠᠯᠠᠨ᠂ ᠪᠤᠶᠢᠺᠤ ᠪᠥᠮᠪᠥᠭᠡᠨ ᠤ ︽ᠰᠤᠷᠭᠠᠭᠤᠯᠢᠯᠠᠯ᠂ ᠡᠷᠳᠡᠮ | ᠰᠢᠨᠵᠢᠯᠡᠭᠡᠨ᠂ ᠡᠮᠴᠢᠯᠡᠭᠡ᠂ ᠵᠢᠭᠠᠨ ᠰᠤᠷᠭᠠᠯᠲᠠ᠂ ᠦᠢᠯᠡᠴᠢᠯᠡᠭᠡ︾ ᠶᠢᠨ ᠬᠠᠮ ᠬᠡᠯᠪᠡᠷᠢᠲᠦ ᠰᠤᠷᠭᠠᠭᠤᠯᠢᠯᠠᠯ ᠤᠨ ᠪᠦᠯᠬᠦᠮ ᠤᠨ ᠠᠵᠢᠯᠯᠠᠭᠠᠨ ᠤ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠰᠤᠷᠭᠠᠭᠴᠢ ᠶᠢᠨ ᠪᠦᠯᠬᠦᠮ ᠢ ᠤᠷᠢᠵᠤ᠂ ᠰᠢᠨᠵᠢᠯᠡᠬᠦ ᠤᠬᠠᠭᠠᠨᠴᠢᠯᠠᠭᠰᠠᠨ | ᠰᠤᠷᠭᠠᠭᠤᠯᠢᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠷᠤᠯᠳᠤᠭᠠᠨ ᠢᠶᠠᠷ ᠰᠤᠷᠭᠠᠭᠤᠯᠢᠯᠠᠯ ᠢ ᠠᠬᠢᠭᠤᠯᠵᠤ᠂ ᠭᠤᠣᠯᠳᠠᠯᠭ᠎ᠠ ᠲᠠᠢ ᠲᠠᠮᠢᠷᠴᠢᠨ ᠢ ᠰᠣᠩᠭᠤᠨ | ᠪᠤᠶᠢᠺᠤ ᠪᠥᠮᠪᠥᠭᠡᠨ ᠤ ᠬᠥᠭᠵᠢᠯᠲᠡ ᠶᠢᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠤᠯᠤᠰ ᠲᠤ ᠣᠴᠢᠭᠤᠯᠤᠨ ᠰᠤᠷᠭᠠᠭᠤᠯᠢᠯᠠᠯ ᠬᠦᠷᠲᠡᠭᠡᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ ᠤᠷᠤᠯᠳᠤᠭᠠᠨ ᠳᠤ ᠣᠷᠣᠯᠴᠠᠬᠤ ᠶᠢ ᠨᠢ ᠲᠡᠮᠵᠢᠵᠤ᠂ ᠪᠣᠳᠠᠲᠤ ᠣᠷᠣᠯᠳᠣᠭᠠᠨ ᠤ ᠲᠤᠷᠰᠢᠯᠭ᠎ᠠ ᠶᠢ ᠬᠤᠷᠠᠮᠳᠤᠭᠤᠯᠤᠨ᠎ᠠ᠃ | | ᠭᠤᠷᠪᠠ᠂ ᠲᠠᠯᠠᠪᠤᠷ ᠭᠠᠵᠠᠷ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠠᠬᠢᠭᠤᠯᠤᠨ᠎ᠠ ᠮᠣᠷᠢᠨᠳᠠᠪᠠᠭ᠎ᠠ ᠬᠤᠰᠢᠭᠤᠨ ᠤ ᠤᠯᠤᠰ ᠤᠨ | ᠲᠠᠰ ᠤᠨ ᠪᠤᠶᠢᠺᠤ ᠪᠥᠮᠪᠥᠭᠡᠨ ᠤ ᠰᠤᠷᠭᠠᠭᠤᠯᠢᠯᠠᠯ ᠤᠨ ᠰᠠᠭᠤᠷᠢᠨ ᠭᠠᠵᠠᠷ ᠪᠠᠶᠢᠭᠤᠯᠬᠤ ᠳᠤ ᠨᠢ ᠳᠡᠮᠵᠢᠯᠭᠡ ᠦᠵᠡᠭᠦᠯᠵᠦ᠂ ᠣᠯᠠᠨ ᠤᠯᠤᠰ ᠤᠨ ᠤᠷᠤᠯᠳᠤᠭᠠᠨ ᠤ | ᠠᠵᠢᠯᠯᠠᠭ᠎ᠠ ᠶᠢ ᠣᠷᠣᠭᠤᠯᠤᠨ ᠠᠪᠴᠢᠷᠠᠵᠤ᠂ ᠪᠤᠶᠢᠺᠤ ᠪᠥᠮᠪᠥᠭᠡᠨ ᠤ ᠤᠷᠤᠯᠳᠤᠭᠠᠨ ᠤ ᠠᠵᠢᠯᠯᠠᠭ᠎ᠠ ᠶᠢᠨ ᠴᠢᠨᠠᠷ ᠰᠠᠶᠢᠲᠠᠢ ᠰᠣᠯᠢᠯᠴᠠᠭᠠᠨ ᠤ ᠲᠠᠪᠴᠠᠩ ᠢ ᠪᠠᠶᠢᠭᠤᠯᠤᠨ᠎ᠠ᠃ | ᠬᠥᠬᠡᠬᠤᠲᠠ ᠶᠢᠨ ᠣᠲᠣ ᠶᠢᠨ ᠪᠠᠶᠢᠭ᠎ᠠ ᠲᠠᠯᠠᠪᠤᠷ ᠭᠠᠵᠠᠷ ᠪᠡᠯᠡᠳᠬᠡᠮᠵᠢ ᠶᠢ ᠠᠰᠢᠭᠯᠠᠨ ᠭᠡᠷ ᠤᠨ ᠭᠠᠳᠠᠨᠠᠬᠢ ᠪᠤᠶᠢᠺᠤ ᠪᠥᠮᠪᠥᠭᠡᠨ ᠤ ᠰᠤᠷᠭᠠᠭᠤᠯᠢᠯᠠᠯ ᠤᠷᠤᠯᠳᠤᠭᠠᠨ ᠤ | 2 ᠲᠠᠯᠠᠪᠤᠷ ᠭᠠᠵᠠᠷ ᠢ ᠥᠭᠡᠷᠡᠴᠢᠯᠡᠨ ᠪᠠᠶᠢᠭᠤᠯᠵᠤ᠂ ᠲᠤᠰᠬᠠᠢ ᠮᠡᠷᠭᠡᠵᠢᠯ ᠤᠨ ᠠᠩᠭᠢ ᠶᠢᠨ ᠰᠤᠷᠭᠠᠭᠤᠯᠢᠯᠠᠯ ᠭᠦᠷᠲᠡᠬᠦ ᠶᠢ ᠪᠠᠲᠤᠯᠠᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠲᠣᠮᠣ ᠬᠡᠯᠪᠡᠷᠢ ᠶᠢᠨ ᠤᠷᠤᠯᠳᠤᠭᠠᠨ ᠪᠠ ᠰᠤᠷᠭᠠᠭᠤᠯᠢᠯᠠᠯ ᠤᠨ ᠡᠭᠦᠷᠭᠡ ᠶᠢ ᠳᠠᠭᠠᠭᠠᠵᠤ ᠠᠪᠤᠨ᠎ᠠ᠃ ᠮᠣᠷᠢᠨᠳᠠᠪᠠᠭ᠎ᠠ ᠬᠤᠰᠢᠭᠤᠨ ᠤ ᠡᠬᠢ | ᠪᠠᠶᠠᠯᠢᠭ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠶᠢ ᠨᠢ ᠳᠡᠮᠵᠢᠵᠦ᠂ ᠪᠤᠶᠢᠺᠤ ᠪᠥᠮᠪᠥᠭᠡᠨ ᠤ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢᠨ ᠲᠠᠯᠠᠪᠤᠷ ᠭᠠᠵᠠᠷ | ᠪᠡᠯᠡᠳᠬᠡᠮᠵᠢ ᠶᠢ ᠵᠠᠰᠠᠵᠤ ᠪᠠᠶᠢᠭᠤᠯᠬᠤ ᠪᠠ ᠥᠭᠡᠷᠡᠴᠢᠯᠡᠵᠦ ᠪᠠᠶᠢᠭᠤᠯᠤᠨ᠎ᠠ᠃ ᠨᠥᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠥᠮᠥᠨ ᠠᠮᠠ ᠶᠢᠨ ᠬᠡᠪᠴᠢᠶ᠎ᠡ᠂ ᠪᠠᠶᠢᠭᠠᠯᠢ ᠶᠢᠨ ᠨᠥᠬᠦᠴᠡᠯ᠂ ᠪᠦᠢᠺᠦ ᠪᠥᠮᠪᠥᠭᠡᠨ ᠤ ᠬᠥᠭᠵᠢᠯᠲᠡ ᠶᠢᠨ ᠰᠠᠭᠤᠷᠢ ᠪᠠᠨ ᠦᠨᠳᠦᠰᠦᠯᠡᠨ᠂ ᠨᠢᠭᠡ ᠪᠦᠯᠦᠭ ᠪᠦᠢᠺᠦ | ᠪᠥᠮᠪᠥᠭᠡᠨ ᠤ ᠲᠠᠯᠠᠪᠤᠷ ᠭᠠᠵᠠᠷ ᠪᠡᠯᠡᠳᠬᠡᠮᠵᠢ ᠶᠢ ᠲᠥᠯᠥᠪᠯᠡᠭᠡ ᠲᠠᠢ ᠪᠠᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠪᠠᠶᠢᠭᠤᠯᠬᠤ ᠶᠢ ᠨᠢ ᠳᠡᠮᠵᠢᠨ᠎ᠡ᠃ 2026 | ᠣᠨ ᠪᠣᠯᠬᠤ ᠳᠤ᠂ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠲᠦᠩᠯᠢᠶᠣᠣ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠠᠶᠢᠮᠠᠭ | ᠬᠤᠲᠠ ᠨᠤᠭᠤᠳ ᠲᠤ ᠰᠤᠷᠭᠠᠭᠤᠯᠢᠯᠠᠯ ᠤᠨ ᠲᠠᠯᠠᠪᠤᠷ ᠣᠷᠳᠣᠨ ᠪᠡᠯᠡᠳᠬᠡᠮᠵᠢ ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠯᠠᠨ | ᠡᠰᠢᠵᠢᠭᠰᠡᠨ ᠪᠠᠲᠤᠯᠠᠭ᠎ᠠ ᠶᠢᠨ ᠪᠠᠶᠢᠷᠢᠰᠢᠯ ᠢ ᠪᠣᠶ ᠪᠣᠯᠭᠠᠨ᠎ᠠ᠃ | ᠳᠥᠷᠪᠡ᠂ ᠪᠤᠶᠢᠺᠤ ᠪᠥᠮᠪᠥᠭᠡᠨ ᠤ ᠴᠢᠳᠠᠪᠤᠷᠢᠲᠠᠨ ᠬᠥᠮᠥᠵᠢᠭᠦᠯᠬᠦ ᠪᠠᠨ ᠲᠦᠷᠭᠡᠳᠬᠡᠨ᠎ᠡ ᠡᠯ᠎ᠡ ᠠᠶᠢᠮᠠᠭ ᠬᠤᠲᠠ ᠨᠢ ᠡᠬᠢ ᠪᠠᠶᠠᠯᠢᠭ ᠢᠶᠠᠨ ᠭᠦᠢᠴᠡᠳ | ᠠᠭᠤᠳᠠᠯᠵᠤ᠂ ᠬᠥᠭᠵᠢᠯᠲᠡ ᠶᠢᠨ ᠲᠤᠯᠭᠠᠮ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠳᠠᠪᠤᠷᠢᠲᠠᠨ ᠬᠥᠮᠥᠵᠢᠭᠦᠯᠬᠦ᠂ ᠣᠷᠣᠭᠤᠯᠵᠤ ᠠᠪᠴᠢᠷᠠᠬᠤ᠂ | ᠦᠨᠡᠯᠡᠬᠦ᠂ ᠤᠷᠮᠠᠰᠢᠭᠤᠯᠵᠤ ᠪᠠᠲᠤᠯᠠᠬᠤ ᠵᠡᠷᠭᠡ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠮᠡᠳᠡᠯᠭᠡ ᠪᠠᠨ ᠰᠢᠨᠡᠳᠬᠡᠬᠦ᠂ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭᠠᠨ ᠢ ᠦᠷᠭᠦᠯᠵᠢᠯᠡᠨ ᠬᠡᠷᠡᠭᠵᠢᠭᠦᠯᠵᠦ᠂ ᠪᠤᠶᠢᠺᠤ ᠪᠥᠮᠪᠥᠭᠡᠨ ᠤ | ᠴᠢᠳᠠᠪᠤᠷᠢᠲᠠᠨ ᠬᠥᠮᠥᠵᠢᠭᠦᠯᠬᠦ ᠥᠨᠳᠦᠷᠯᠢᠭ ᠢ ᠪᠣᠢ ᠪᠣᠯᠭᠠᠨ᠎ᠠ᠃ ᠵᠠᠯᠠᠭᠤᠴᠤᠳ ᠪᠠᠭᠠᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ | ᠡᠯ᠎ᠡ ᠲᠦᠷᠦᠯ ᠤᠨ ᠰᠤᠷᠭᠠᠭᠤᠯᠢ ᠳᠤ ᠪᠤᠶᠢᠺᠤ ᠪᠥᠮᠪᠦᠭᠡ ᠶᠢ ᠲᠦᠭᠡᠮᠡᠯᠵᠢᠭᠦᠯᠬᠦ ᠬᠡᠪᠴᠢᠶ᠎ᠡ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ 2026 ᠣᠨ | ᠪᠣᠯᠬᠤ ᠳᠤ᠂ ᠠᠶᠢᠮᠠᠭ ᠬᠤᠲᠠ ᠨᠢᠭᠡᠪᠦᠷᠢᠳᠤ ᠠᠳᠠᠭ ᠲᠤ ᠪᠠᠨ 1 ᠪᠤᠶᠢᠺᠤ ᠪᠥᠮᠪᠥᠭᠡᠨ ᠤ ᠵᠠᠯᠠᠭᠤᠴᠤᠳ ᠪᠠᠭᠠᠴᠤᠳ ᠤᠨ ᠠᠩᠭᠢ ᠵᠣᠬᠢᠶᠠᠨ ᠪᠠᠶᠢᠭᠤᠯᠤᠨ᠎ᠠ᠃ ᠬᠥᠯᠥᠨ | ᠪᠤᠶᠢᠷ ᠬᠤᠲᠠ ᠶᠢᠨ ᠴᠢᠨᠠᠷ ᠰᠠᠶᠢᠲᠠᠢ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠪᠤᠶᠢᠺᠤ ᠪᠥᠮᠪᠥᠭᠡᠨ ᠤ ᠲᠥᠷᠥᠯ ᠵᠦᠢᠯ ᠤᠨ ︽ᠰᠤᠷᠭᠠᠭᠤᠯᠢ ᠳᠡᠪᠰᠢᠬᠦ ᠳᠤ ᠰᠢᠭᠤᠳ ᠨᠡᠪᠲᠡᠷᠡᠬᠦ ᠲᠡᠷᠭᠡ︾ ᠪᠠᠶᠢᠭᠤᠯᠬᠤ ᠶᠢ ᠰᠦᠪᠡᠭᠴᠢᠯᠡᠵᠦ᠂ ᠬᠠᠷᠢᠴᠠᠩᠭᠤᠢ | ᠲᠣᠭᠲᠠᠩᠭᠤᠢ᠂ ᠬᠤᠯᠪᠣᠯᠳᠤᠭᠤᠯᠵᠤ ᠠᠬᠢᠭᠤᠯᠤᠭᠰᠠᠨ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠲᠣᠭᠲᠠᠯᠴᠠᠭ᠎ᠠ ᠶᠢ ᠪᠣᠶ ᠪᠣᠯᠭᠠᠨ᠎ᠠ᠃ | ᠴᠢᠳᠠᠪᠤᠷᠢᠲᠠᠨ ᠰᠣᠩᠭᠤᠬᠤ ᠬᠠᠷᠠᠭ᠎ᠠ ᠪᠠᠨ ᠥᠷᠭᠡᠵᠢᠭᠦᠯᠵᠦ᠂ ᠨᠥᠬᠦᠴᠡᠯ ᠳᠤ ᠨᠡᠶᠢᠴᠡᠬᠦ ᠪᠤᠶᠢᠺᠤ ᠪᠥᠮᠪᠥᠭᠡᠨ ᠤ ᠲᠠᠮᠢᠷᠴᠢᠳ ᠢ ᠥᠪᠡᠷᠲᠡᠭᠡᠨ ᠵᠠᠰᠠᠬᠤ ᠣᠷᠣᠨ ᠤ | ᠰᠢᠯᠢᠳᠡᠭ ᠲᠠᠮᠢᠷᠴᠢᠨ ᠤ ᠣᠷᠣᠨ ᠲᠤᠭ᠎ᠠ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ | ᠰᠤᠷᠭᠠᠭᠤᠯᠢᠯᠠᠯ ᠤᠨ ᠲᠤᠰᠬᠠᠢ ᠮᠡᠷᠭᠡᠵᠢᠯ ᠳᠤ ᠪᠤᠶᠢᠺᠤ ᠪᠥᠮᠪᠥᠭᠡᠨ ᠤ ᠰᠤᠷᠤᠯᠴᠠᠯᠭ᠎ᠠ ᠶᠢᠨ ᠴᠢᠭᠯᠡᠯ ᠢ ᠨᠡᠮᠡᠵᠦ ᠲᠣᠬᠢᠷᠠᠭᠤᠯᠬᠤ ᠶᠢ ᠠᠯᠬᠤᠮ ᠠᠯᠬᠤᠮ ᠢᠶᠠᠷ | ᠰᠦᠪᠡᠭᠴᠢᠯᠡᠵᠦ᠂ ᠲᠠᠮᠢᠷᠴᠢᠳ ᠤᠨ ᠰᠤᠷᠭᠠᠭᠤᠯᠢ ᠳᠡᠪᠰᠢᠬᠦ ᠵᠠᠮ ᠮᠥᠷ ᠢ ᠰᠢᠯᠤᠭᠤᠳᠬᠠᠨ᠎ᠠ᠃ | ᠲᠠᠪᠤ᠂ ᠰᠤᠷᠭᠠᠭᠤᠯᠢᠯᠠᠯ ᠤᠷᠤᠯᠳᠤᠭᠠᠨ ᠤ ᠠᠵᠢᠯᠯᠠᠭ᠎ᠠ ᠶᠢᠨ ᠲᠣᠭᠲᠠᠯᠴᠠᠭ᠎ᠠ ᠶᠢ ᠲᠦᠷᠭᠡᠬᠡᠨ ᠪᠠᠶᠢᠭᠤᠯᠤᠨ᠎ᠠ ᠪᠤᠶᠢᠺᠤ ᠪᠥᠮᠪᠥᠭᠡᠨ ᠤ ᠰᠤᠷᠭᠠᠭᠤᠯᠢᠯᠠᠯ ᠤᠨ | ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ ᠨᠠᠰᠤᠨ ᠤ ᠦᠶ᠎ᠡ ᠶᠢ ᠨᠢ ᠦᠨᠳᠦᠰᠦᠯᠡᠨ ᠬᠥᠭᠵᠢᠯᠲᠡ ᠶᠢᠨ ᠬᠠᠷᠠᠯᠲᠠ᠂ ᠣᠬᠤᠷ ᠬᠤᠭᠤᠴᠠᠭᠠᠨ ᠤ ᠡᠭᠦᠷᠭᠡ᠂ | ᠰᠤᠷᠭᠠᠭᠤᠯᠢᠯᠠᠯ ᠤᠨ ᠠᠭᠤᠯᠭ᠎ᠠ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠤᠰᠬᠠᠢ ᠮᠡᠷᠭᠡᠵᠢᠯ ᠤᠨ ᠠᠩᠭᠢ ᠬᠢᠭᠡᠳ ᠪᠡᠯᠡᠳᠬᠡᠯ | ᠴᠢᠳᠠᠪᠤᠷᠢᠲᠠᠨ ᠤ ᠰᠤᠷᠭᠠᠭᠤᠯᠢ ᠶᠢᠨ ᠬᠠᠮᠲᠤᠷᠠᠨ ᠠᠵᠢᠯᠯᠠᠬᠤ ᠬᠡᠪ ᠵᠠᠭᠪᠤᠷ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠥᠭᠡᠳ ᠵᠢᠷᠣᠮᠵᠢᠭᠤᠨ᠂ ᠠᠮᠤᠷ | ᠲᠦᠪᠰᠢᠨ ᠪᠥᠭᠡᠳ ᠡᠮᠬᠢ ᠵᠢᠷᠤᠮ ᠲᠠᠢ ᠰᠤᠷᠭᠠᠭᠤᠯᠢᠯᠠᠯ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ | ᠪᠤᠶᠢᠺᠤ ᠪᠥᠮᠪᠥᠭᠡᠨ ᠤ ᠱᠠᠩᠨᠠᠯᠲᠤ ᠤᠷᠤᠯᠳᠤᠭᠠᠨ ᠢ ᠰᠠᠶᠢᠲᠤᠷ ᠠᠳᠬᠤᠵᠤ᠂ 12 ᠨᠠᠰᠤ᠂ 14 ᠨᠠᠰᠤ ᠵᠡᠷᠭᠡ ᠨᠠᠰᠤᠨ ᠤ ᠦᠶ᠎ᠡ ᠶᠢᠨ U ᠰᠢᠷᠢᠰ ᠤᠷᠤᠯᠳᠤᠭᠠᠨ ᠤ | ᠠᠵᠢᠯᠯᠠᠭ᠎ᠠ ᠶᠢ ᠨᠡᠮᠡᠨ ᠲᠣᠬᠢᠷᠠᠭᠤᠯᠵᠤ᠂ ᠤᠷᠤᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠤᠨ᠎ᠠ᠃ ᠨᠥᠬᠦᠴᠡᠯ ᠲᠠᠢ ᠠᠶᠢᠮᠠᠭ | ᠬᠤᠲᠠ ᠶᠢᠨ ᠬᠢᠨ ᠤ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠨᠠᠷᠠᠲᠤ ᠲᠡᠮᠳᠡᠭ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠭᠤᠶᠤᠴᠢᠯᠠᠨ | ᠡᠷᠬᠢᠯᠡᠵᠦ ᠳᠠᠭᠠᠭᠠᠨ ᠭᠦᠢᠴᠡᠳᠬᠡᠵᠦ᠂ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠵᠤᠨ ︵ᠡᠪᠦᠯ︶ ᠤ ᠠᠮᠠᠷᠠᠯᠲᠠ ᠶᠢᠨ ᠭᠠᠵᠠᠷ᠂ | ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠤᠷᠢᠯᠭ᠎ᠠ ᠶᠢᠨ ᠤᠷᠤᠯᠳᠤᠭᠠᠨ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ | ᠡᠷᠬᠢᠯᠡᠭᠦ ᠶᠢ ᠨᠢ ᠵᠣᠷᠢᠭᠵᠢᠭᠤᠯᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ᠂ ᠰᠢᠰᠲ᠋ᠧᠮ ᠲᠠᠢ ᠪᠥᠭᠡᠳ ᠪᠦᠷᠢᠨ ᠲᠡᠭᠦᠯᠳᠡᠷ᠂ ᠠᠮᠢᠵᠢᠷᠠᠯ ᠤᠨ ᠬᠦᠴᠦᠨ | ᠪᠢᠯᠬᠠᠭᠰᠠᠨ ᠤᠷᠤᠯᠳᠤᠭᠠᠨ ᠤ ᠠᠵᠢᠯᠯᠠᠭᠠᠨ ᠤ ᠲᠣᠭᠲᠠᠯᠴᠠᠭ᠎ᠠ ᠶᠢ ᠪᠦᠷᠢᠯᠳᠦᠭᠦᠯᠦᠨ᠎ᠡ᠃ | ᠵᠢᠷᠭᠤᠭ᠎ᠠ᠂ ᠪᠤᠶᠢᠺᠤ ᠪᠥᠮᠪᠥᠭᠡᠨ ᠤ ᠠᠵᠤ ᠦᠢᠯᠡᠰ ᠢ ᠲᠦᠷᠭᠡᠬᠡᠨ ᠬᠥᠭᠵᠢᠭᠦᠯᠦᠨ᠎ᠡ ᠡᠯ᠎ᠡ ᠭᠠᠵᠠᠷ ᠣᠷᠣᠨ ᠤ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤ ᠪᠠᠨ ᠲᠣᠬᠢᠷᠠᠭᠤᠯᠤᠨ ᠪᠦᠢᠺᠦ ᠪᠥᠮᠪᠦᠭᠡ ᠮᠥᠷᠦ᠋ᠢᠴᠡᠬᠦ ᠲᠣᠭᠯᠠᠯᠲᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ᠂ | ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢ ᠬᠥᠭᠵᠢᠭᠦᠯᠬᠦ ᠶᠢ ᠨᠢ ᠵᠣᠷᠢᠭᠵᠢᠭᠤᠯᠵᠤ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠪᠠᠨ | ᠪᠠᠶᠠᠯᠢᠭᠵᠢᠭᠤᠯᠤᠨ᠂ ᠤᠷᠤᠯᠳᠤᠭᠠᠨ ᠤ ᠠᠵᠢᠯᠯᠠᠭᠠᠨ ᠤ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠵᠤ᠂ ᠨᠠᠩ ᠣᠯᠠᠨ ᠰᠢᠭᠢᠣᠡᠭᠡᠯᠳᠣ ᠮᠠᠶ᠋ᠢᠭ ᠤᠨ᠂ ᠪᠡᠶᠡᠴᠢᠯᠡᠨ | ᠣᠶᠢᠯᠠᠭᠠᠬᠤ ᠮᠠᠶ᠋ᠢᠭ ᠤᠨ ᠦᠢᠯᠡᠳᠬᠦᠨ ᠪᠠ ᠦᠢᠯᠡᠴᠢᠯᠡᠭᠡ ᠶᠢ ᠰᠡᠳᠦᠵᠦ᠂ ᠪᠦᠢᠺᠦ ᠪᠥᠮᠪᠥᠭᠡᠨ ᠤ ᠬᠥᠳᠡᠯᠭᠡᠭᠡᠨ ᠬᠢᠭᠡᠳ ᠰᠣᠶᠣᠯ᠂ ᠵᠢᠭᠤᠯᠴᠢᠯᠠᠯ ᠵᠡᠷᠭᠡ ᠶᠢᠨ | ᠠᠭᠤᠰᠤᠯᠴᠠᠨ ᠬᠥᠭᠵᠢᠬᠦ ᠰᠢᠨ᠎ᠡ ᠡᠵᠡᠩᠨᠡᠯᠲᠡ ᠶᠢᠨ ᠪᠠᠶᠢᠳᠠᠯ ᠢ ᠠᠬᠢᠭᠤᠯᠤᠨ᠎ᠠ᠃ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠥᠭᠡᠨ ᠤ ᠠᠵᠤ ᠦᠢᠯᠡᠰ ᠤᠨ | ᠬᠥᠭᠵᠢᠯᠲᠡ ᠶᠢᠨ ᠥᠨᠳᠦᠷᠯᠢᠭ ᠪᠠᠶᠢᠭᠤᠯᠬᠤ ᠳᠤ ᠨᠢ ᠳᠡᠮᠵᠢᠯᠭᠡ ᠦᠵᠡᠭᠦᠯᠦᠨ᠎ᠡ᠃ | ᠳᠣᠯᠤᠭ᠎ᠠ᠂ ᠪᠤᠶᠢᠺᠤ ᠪᠥᠮᠪᠥᠭᠡᠨ ᠤ ᠰᠣᠶᠣᠯ ᠢ ᠲᠦᠷᠭᠡᠬᠡᠨ ᠪᠤᠶᠢᠵᠢᠭᠤᠯᠤᠨ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠢᠺᠦ ᠪᠥᠮᠪᠥᠭᠡᠨ ᠤ ᠰᠣᠶᠣᠯ ᠤᠨ ᠥᠪᠡᠷᠮᠢᠴᠡ ᠡᠭᠦᠰᠦᠯ ᠵᠢᠴᠢ ᠬᠥᠭᠵᠢᠯᠲᠡ ᠶᠢᠨ | ᠶᠠᠪᠤᠴᠠ ᠶᠢ ᠭᠦᠨᠵᠡᠭᠡᠢ ᠠᠭᠤᠳᠠᠯᠤᠨ᠂ ᠪᠦᠢᠺᠦ ᠪᠥᠮᠪᠥᠭᠡᠨ ᠤ ᠰᠣᠶᠣᠯ ᠤᠨ ᠤᠬᠢ ᠰᠣᠳᠣ ᠶᠢ ᠠᠭᠤᠳᠠᠯᠤᠨ ᠭᠠᠷᠭᠠᠵᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠳᠤ ᠠᠭᠤᠰᠤᠯᠴᠠᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠠᠪᠴᠠᠩ ᠢ ᠴᠣᠭᠴᠠᠯᠠᠨ ᠪᠠᠶᠢᠭᠤᠯᠤᠨ᠎ᠠ᠃ | ᠳᠠᠭᠤᠷ ᠦᠨᠳᠦᠰᠦᠲᠡᠨ ᠤ ᠤᠯᠠᠮᠵᠢᠯᠠᠯᠲᠤ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠪᠠᠨ | ᠴᠢᠩᠭᠠᠳᠬᠠᠵᠤ᠂ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠥᠭᠡᠨ ᠤ ᠰᠤᠳᠤᠯᠭᠠᠨ ᠰᠤᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠤᠶᠢᠺᠤ ᠪᠥᠮᠪᠥᠭᠡᠨ ᠤ | ᠰᠣᠶᠣᠯ ᠪᠠ ᠤᠷᠤᠯᠳᠤᠭᠠᠨ ᠤ ᠠᠵᠢᠯᠯᠠᠭ᠎ᠠ ᠶᠢ ᠤᠬᠠᠭᠤᠯᠤᠨ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠣᠯᠠᠨ ᠲᠦᠮᠡᠨ ᠤ ᠲᠠᠭᠠᠰᠢᠶᠠᠵᠤ ᠪᠠᠭ᠋ᠠᠰᠢᠶᠠᠬᠤ | ᠠᠷᠭ᠎ᠠ ᠮᠠᠶ᠋ᠢᠭ ᠪᠠ ᠠᠷᠭ᠎ᠠ ᠵᠠᠮ ᠢ ᠠᠰᠢᠭᠯᠠᠨ ᠪᠤᠶᠢᠺᠤ ᠪᠥᠮᠪᠥᠭᠡᠨ ᠤ ᠲᠤᠬᠠᠢ ᠰᠠᠶᠢᠲᠤᠷ ᠦᠯᠢᠭᠡᠷᠯᠡᠨ ᠶᠠᠷᠢᠵᠤ᠂ ᠪᠤᠶᠢᠺᠤ ᠪᠥᠮᠪᠥᠭᠡᠨ ᠤ ᠮᠡᠳᠡᠯᠭᠡ ᠶᠢ | ᠲᠦᠭᠡᠮᠡᠯᠵᠢᠭᠦᠯᠦᠨ᠂ ᠪᠤᠶᠢᠺᠤ ᠪᠥᠮᠪᠥᠭᠡᠨ ᠤ ᠲᠤᠬᠠᠢ ᠣᠯᠠᠨ ᠨᠡᠶᠢᠲᠡ ᠶᠢᠨ ᠲᠠᠨᠢᠨ ᠮᠡᠳᠡᠬᠦ ᠬᠡᠮᠵᠢᠶ᠎ᠡ ᠪᠠ ᠬᠠᠯᠠᠮᠵᠢᠯᠠᠨ ᠠᠩᠬᠠᠷᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠨᠠᠢᠮᠠ᠂ ᠳᠡᠮᠵᠢᠵᠦ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ ᠬᠡᠷᠡᠭᠴᠡᠭᠡ ᠪᠠᠨ | ᠦᠨᠳᠦᠰᠦᠯᠡᠨ ᠵᠣᠬᠢᠬᠤ ᠬᠡᠮᠵᠢᠶᠡᠨ ᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠤᠶᠢᠺᠤ ᠪᠥᠮᠪᠥᠭᠡᠨ ᠤ ᠲᠠᠯᠠᠪᠤᠷ ᠣᠷᠳᠣᠨ ᠲᠠᠯᠠᠪᠤᠷ ᠭᠠᠵᠠᠷ | ᠪᠡᠯᠡᠳᠬᠡᠮᠵᠢ ᠶᠢ ᠪᠦᠲᠦᠭᠡᠨ ᠪᠠᠶᠢᠭᠤᠯᠬᠤ᠂ ᠪᠠᠭᠠᠵᠢ ᠬᠡᠷᠡᠭᠰᠡᠯ ᠬᠤᠳᠠᠯᠳᠤᠨ ᠠᠪᠬᠤ᠂ ᠴᠢᠳᠠᠪᠤᠷᠢᠲᠠᠨ ᠢ ᠣᠷᠣᠭᠤᠯᠵᠤ ᠠᠪᠴᠢᠷᠠᠬᠤ᠂ ᠪᠣᠯᠪᠠᠰᠤᠷᠠᠯ ᠰᠣᠯᠢᠯᠴᠠᠭ᠎ᠠ ᠬᠢᠬᠦ᠂ | ᠭᠠᠳᠠᠭᠠᠳᠤ ᠳᠤ ᠭᠠᠷᠴᠤ ᠰᠤᠷᠭᠠᠭᠤᠯᠢᠯᠠᠯ ᠬᠦᠷᠲᠡᠵᠦ ᠤᠷᠤᠯᠳᠤᠭᠠᠨ ᠳᠤ ᠣᠷᠤᠯᠴᠠᠬᠤ ᠵᠡᠷᠭᠡ ᠶᠢ ᠨᠢ ᠳᠡᠮᠵᠢᠨ᠎ᠡ᠃ ᠪᠤᠶᠢᠺᠤ ᠪᠥᠮᠪᠥᠭᠡᠨ ᠤ ᠲᠠᠮᠢᠷᠴᠢᠳ ᠤᠨ | ᠠᠯᠪᠠᠨ ᠠᠴᠠ ᠪᠠᠭᠤᠬᠤ᠂ ᠠᠵᠢᠯ ᠤᠨ ᠪᠠᠶᠢᠷᠢ ᠰᠣᠯᠢᠬᠤ᠂ ᠠᠵᠢᠯ ᠣᠯᠭᠤᠬᠤ ᠠᠵᠢᠯ ᠤᠳ ᠢ ᠢᠳᠡᠪᠬᠢᠲᠡᠢ ᠰᠠᠶᠢᠲᠤᠷ ᠬᠢᠵᠦ᠂ ᠡᠯ᠎ᠡ ᠠᠶᠢᠮᠠᠭ ᠬᠤᠲᠠ᠂ ᠡᠯ᠎ᠡ ᠶᠡᠭᠡ | ᠳᠡᠭᠡᠳᠦ ᠰᠤᠷᠭᠠᠭᠤᠯᠢ ᠨᠢ ᠶᠡᠭᠡ ᠳᠤᠮᠳᠠᠳᠤ ᠪᠠᠭ᠎ᠠ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ | ᠲᠣᠬᠢᠷᠠᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠶᠣᠰᠣᠭᠠᠷ᠂ ᠬᠡᠷᠡᠭᠴᠡᠭᠡ ᠪᠠᠨ | ᠦᠨᠳᠦᠰᠦᠯᠡᠨ ᠪᠤᠶᠢᠺᠤ ᠪᠥᠮᠪᠥᠭᠡᠨ ᠤ ᠰᠤᠷᠭᠠᠭᠴᠢ ᠶᠢᠨ ᠠᠵᠢᠯ ᠤᠨ ᠪᠠᠶᠢᠷᠢ ᠶᠢ ᠲᠣᠬᠢᠷᠠᠭᠤᠯᠵᠤ᠂ ᠮᠡᠷᠭᠡᠵᠢᠯ ᠤᠨ ᠴᠣᠯᠠ ᠰᠢᠯᠭᠠᠷᠠᠭᠤᠯᠬᠤ ᠪᠠ ᠤᠷᠢᠵᠤ ᠬᠡᠷᠡᠭᠯᠡᠬᠦ | ᠪᠠᠷᠢᠮᠵᠢᠶ᠎ᠠ ᠪᠠᠨ ᠲᠡᠭᠦᠯᠳᠡᠷᠵᠢᠭᠦᠯᠦᠨ᠂ ᠪᠤᠶᠢᠺᠤ ᠪᠥᠮᠪᠥᠭᠡᠨ ᠤ ᠰᠤᠷᠭᠠᠭᠴᠢ ᠶᠢᠨ ᠮᠡᠷᠭᠡᠵᠢᠯ ᠤᠨ ᠴᠣᠯᠠ ᠳᠡᠪᠰᠢᠬᠦ᠂ ᠵᠢᠭᠠᠨ ᠰᠤᠷᠭᠠᠯᠲᠠ ᠶᠢᠨ ᠡᠷᠳᠡᠮ ᠰᠢᠨᠵᠢᠯᠡᠭᠡᠨ ᠤ | ᠦᠷ᠎ᠡ ᠪᠦᠲᠦᠭᠡᠯ ᠢ ᠦᠨᠡᠯᠡᠨ ᠲᠣᠭᠲᠠᠭᠠᠬᠤ ᠵᠡᠷᠭᠡ ᠲᠠᠯ᠎ᠠ ᠳᠤ ᠡᠯ᠎ᠡ ᠬᠢᠴᠢᠶᠡᠯ ᠲᠥᠷᠥᠯ ᠤᠨ ᠪᠠᠭᠰᠢ ᠯᠤᠭ᠎ᠠ ᠠᠳᠠᠯᠢᠬᠠᠨ ᠣᠯᠭᠤᠮᠵᠢ ᠬᠠᠷᠠᠭᠠᠯᠵᠠᠯ ᠭᠥᠷᠳᠡᠬᠦ ᠶᠢ ᠨᠢ | ᠦᠨᠡᠨ ᠬᠦ ᠪᠠᠲᠤᠯᠠᠬᠤ ᠬᠡᠷᠡᠭᠲᠡᠢ᠃ | ᠶᠢᠰᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭᠤᠨ ᠣᠷᠳᠣᠨ ᠠᠴᠠ | ᠪᠤᠶᠢᠺᠤ ᠪᠥᠮᠪᠥᠭᠡᠨ ᠤ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤ ᠨᠢ | ᠰᠤᠳᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠥᠬᠦ ᠣᠷᠣᠨ ᠤ ᠪᠤᠶᠢᠺᠤ ᠪᠥᠮᠪᠥᠭᠡᠨ ᠤ ᠡᠩᠨᠡᠭᠡ ᠶᠢᠨ | ᠪᠠᠶᠢᠭᠤᠯᠤᠯᠲᠠ᠂ ᠲᠠᠯᠠᠪᠤᠷ ᠭᠠᠵᠠᠷ ᠤᠨ ᠪᠠᠲᠤᠯᠠᠭ᠎ᠠ᠂ ᠤᠷᠤᠯᠳᠤᠭᠠᠨ ᠤ ᠠᠵᠢᠯᠯᠠᠭ᠎ᠠ ᠵᠡᠷᠭᠡ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ | ᠪᠠᠶᠢᠷᠢᠰᠢᠭᠤᠯᠤᠨ᠂ ᠵᠢᠯᠣᠭᠤᠳᠤᠯᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠡᠯ᠎ᠡ ᠵᠦᠢᠯ ᠤᠨ ᠡᠭᠦᠷᠭᠡ ᠪᠠᠨ | ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠪᠦᠢᠺᠦ ᠪᠥᠮᠪᠥᠭᠡᠨ ᠤ | ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠦᠢᠺᠦ ᠪᠥᠮᠪᠥᠭᠡᠨ ᠤ | ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠡᠯᠡ ᠮᠥᠩᠭᠦᠨ ᠤ ᠪᠠᠲᠤᠯᠠᠭ᠎ᠠ ᠶᠢ ᠨᠢᠭᠡᠳᠦᠯᠲᠡᠢ | ᠲᠥᠯᠥᠪᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠮᠣᠷᠢᠨᠳᠠᠪᠠᠭ᠎ᠠ ᠬᠤᠰᠢᠭᠤᠨ ᠤ ᠪᠤᠶᠢᠺᠤ | ᠪᠥᠮᠪᠥᠭᠡᠨ ᠤ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠬᠤ | ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯ ᠤᠨ | ᠵᠣᠯᠭᠠᠭᠤᠯᠤᠯᠲᠠ ᠪᠠᠨ ᠴᠢᠩᠭᠠᠳᠬᠠᠨ᠂ ᠡᠯ᠎ᠡ ᠵᠦᠢᠯ ᠤᠨ ᠡᠭᠦᠷᠭᠡ ᠪᠠᠨ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠪᠤᠶᠢᠺᠤ ᠪᠥᠮᠪᠥᠭᠡᠨ ᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | 2024 ᠣᠨ ᠤ 5 ᠳ᠋ᠤᠭᠠᠷ ᠰᠠᠷ᠎ᠠ ᠶᠢᠨ 9 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 2024 ᠣᠨ ᠤ 5 ᠳ᠋ᠤᠭᠠᠷ | ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ | |