10 ᠰᠠᠷ᠎ᠠ ᠶᠢᠨ 30 ᠤ ᠡᠳᠦᠷ ᠠᠴᠠ 11 ᠰᠠᠷ᠎ᠠ ᠶᠢᠨ 1 ᠤ ᠡᠳᠦᠷ ᠪᠣᠯᠲᠠᠯ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠡᠲᠡᠭᠡᠳ ᠢᠯᠭᠠᠯ ᠤᠨ | ᠭᠡᠰᠢᠭᠦᠳ ᠤᠨ ᠠᠵᠢᠯᠯᠠᠬᠤ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠶ ᠬᠦᠶ ᠾᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠡᠲᠡᠭᠡᠳ ᠢᠯᠭᠠᠯ ᠤᠨ ᠭᠡᠰᠢᠭᠦᠳ ᠤᠨ ᠠᠵᠢᠯ ᠤᠨ ᠲᠠᠰᠤᠭ ᠪᠣᠯ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠲᠠᠪᠴᠠᠩ ᠮᠥᠨ᠂ ᠡᠲᠡᠭᠡᠳ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠪᠠ ᠦᠢᠯᠡᠴᠢᠯᠡᠬᠦ ᠴᠢᠬᠤᠯᠠ ᠭᠠᠷᠳᠠᠴᠠ | ᠮᠥᠨ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠳᠡᠭᠡᠭᠰᠢᠯᠡᠭᠦᠯᠦᠨ᠂ | ᠡᠲᠡᠭᠡᠳ ᠢᠯᠭᠠᠯ ᠤᠨ ᠭᠡᠰᠢᠭᠦᠳ ᠤᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ︔ | ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ | ᠪᠠᠶᠢᠬᠤ᠂ ᠪᠠᠶᠢᠩᠭᠤ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ ᠡᠲᠡᠭᠡᠳ ᠢᠯᠭᠠᠯ ᠤᠨ ᠴᠢᠳᠠᠮᠵᠢ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠭᠡᠰᠢᠭᠦᠳ ᠤᠨ ᠳᠠᠯᠳᠠ | ᠴᠢᠳᠠᠪᠤᠷᠢ ᠶᠢ ᠦᠨᠡᠨ ᠬᠦ ᠰᠠᠶᠢᠲᠤᠷ ᠠᠭᠤᠳᠠᠯᠵᠤ᠂ ᠤᠯᠤᠰ ᠲᠦᠷᠦ ᠶᠢᠨ ᠵᠥᠪᠯᠡᠯᠭᠡᠨ ᠤ ᠡᠲᠡᠭᠡᠳ ᠢᠯᠭᠠᠯ ᠤᠨ ᠠᠵᠢᠯ ᠢ ᠨᠡᠩ ᠠᠮᠢᠳᠤᠯᠢᠭ ᠬᠥᠭᠵᠢᠶᠡᠨᠲᠡᠢ᠂ ᠦᠷ᠎ᠡ | ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ︔ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠢᠮ ᠤᠨ ᠵᠢᠷᠤᠮᠵᠢᠯ ᠢ ᠴᠢᠩᠭᠠᠳᠬᠠᠵᠤ᠂ | ᠠᠵᠢᠯᠯᠠᠬᠤ ᠲᠠᠰᠤᠭ ᠤᠨ ᠡᠲᠡᠭᠡᠳ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠲᠤᠰᠬᠠᠢ ᠵᠥᠪᠯᠡᠬᠦ | ᠪᠠᠶᠢᠭᠤᠯᠤᠮᠵᠢ ᠶᠢᠨ ᠦᠢᠯᠡᠳᠦᠯ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠯᠥᠨ ᠪᠤᠶᠢᠷ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳ ᠤᠨ | ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠡᠮᠦᠨ᠎ᠡ᠂ ᠯᠢᠦᠶ ᠬᠦᠶ ᠾᠧ ᠨᠡᠷ ᠪᠠᠰᠠ ᠬᠤᠲᠠ ᠲᠣᠭᠤᠷᠢᠭ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠡᠲᠡᠭᠡᠳ ᠢᠯᠭᠠᠯ ᠤᠨ | ᠵᠥᠪᠯᠡᠯ ᠤᠨ ᠠᠵᠢᠯ ᠤᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ |