ᠰᠢᠶᠧ ᠴᠧᠩ ᠵᠢᠭᠤᠯᠴᠢᠯᠠᠯ ᠤᠨ ᠲᠠᠪᠴᠠᠩ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠳᠬᠦᠨ ᠤ ᠵᠠᠮ | ᠱᠤᠭᠤᠮ ᠤᠨ ᠵᠠᠬᠢᠶᠠᠯᠠᠭ᠎ᠠ ᠪᠦᠭᠦ ᠤᠯᠤᠰ ᠤᠨ ᠡᠮᠦᠨ᠎ᠡ ᠲᠠᠪᠤ ᠳᠤ ᠣᠷᠣᠵᠤ᠂ ᠤᠯᠠᠭᠠᠨᠪᠤᠳᠤᠩ ᠤᠨ ᠲᠠᠯ᠎ᠠ ᠨᠤᠲᠤᠭ᠂ ᠶᠡᠭᠡ ᠵᠣᠣ ᠰᠦᠮ᠎ᠡ᠂ ᠣᠷᠳᠣᠰ ᠤᠨ | ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠰᠤᠮᠤ ᠠᠭᠤᠯᠠ᠂ ᠠᠯᠠᠱᠠ ᠶᠢᠨ ᠪᠠᠷᠠᠭᠤᠨ ᠬᠡᠰᠡᠭ ᠤᠨ ᠵᠡᠷᠭᠡᠯᠭᠡᠨᠲᠦ ᠬᠠᠪᠴᠢᠯ ᠵᠡᠷᠭᠡ ᠦᠵᠡᠮᠵᠢ ᠨᠢ ᠥᠪᠥᠷ ᠮᠣᠩᠭᠤᠯ ᠤᠨ | ᠣᠷᠣᠨ ᠪᠦᠰᠡ ᠶᠢᠨ ᠳᠣᠲᠣᠷᠠᠬᠢ ᠬᠠᠮᠤᠭ ᠤᠨ ᠬᠦᠷᠢᠶᠡᠯᠡᠯ ᠲᠠᠢ ᠬᠠᠯᠠᠮᠰᠢᠯ ᠦᠵᠡᠮᠵᠢ ᠶᠢᠨ ᠭᠠᠵᠠᠷ ᠪᠣᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠤᠯᠤᠰ ᠤᠨ ᠭᠠᠵᠠᠷ | ᠵᠦᠢ︾ ᠰᠡᠳᠬᠦᠯ ᠠᠴᠠ ᠰᠣᠩᠭᠤᠨ ᠭᠠᠷᠭᠠᠭᠰᠠᠨ ᠳᠤᠮᠳᠠᠳᠤ ᠤᠯᠤᠰ ᠤᠨ ᠬᠠᠮᠤᠭ ᠤᠨ ᠦᠵᠡᠮᠦᠷᠢᠲᠡᠢ 15 ᠨᠠᠮᠤᠷ ᠤᠨ ᠦᠵᠡᠮᠵᠢ ᠳᠤ ᠥᠪᠥᠷ ᠮᠣᠩᠭᠤᠯ ᠤᠨ | ᠬᠥᠯᠥᠨ ᠪᠤᠶᠢᠷ ᠪᠣᠯᠣᠨ ᠭᠡᠭᠡᠨ ᠭᠤᠣᠯ 2 ᠭᠠᠵᠠᠷ ᠰᠣᠩᠭᠤᠭᠳᠠᠵᠤ᠂ ᠤᠮᠠᠷᠠᠲᠤ ᠣᠷᠣᠨ ᠤ ᠥᠪᠡᠷᠮᠢᠴᠡ ᠪᠠᠶᠢᠭᠠᠯᠢ ᠶᠢᠨ ᠳᠠᠪᠠᠭᠤᠯᠢᠭ ᠢᠶᠠᠷ ᠢᠶᠠᠨ ᠥᠪᠥᠷ ᠮᠣᠩᠭᠤᠯ | ᠤᠨ ᠨᠠᠮᠤᠷ ᠤᠨ ᠦᠵᠡᠮᠵᠢ ᠨᠢ ᠨᠠᠩ ᠢᠯᠡᠭᠦᠦ ᠤᠤᠭᠠᠯ ᠰᠢᠨᠵᠢ ᠪᠠ ᠰᠣᠨᠢᠷᠬᠠᠯᠳᠤ ᠴᠢᠨᠠᠷ ᠲᠠᠢ ᠪᠠᠶᠢᠵᠤ᠂ ᠨᠡᠷ᠎ᠡ ᠠᠯᠳᠠᠷ ᠨᠢ ᠤᠯᠠᠮ ᠠᠴᠠ ᠤᠯᠠᠮ ᠥᠷᠭᠡᠵᠢᠨ | ᠳᠡᠯᠭᠡᠷᠡᠵᠦ ᠪᠤᠢ᠃ ᠡᠭᠦᠨ ᠤ ᠳᠡᠭᠡᠷ᠎ᠡ ᠮᠠᠨ ᠤ ᠣᠷᠣᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ | ᠴᠣᠭᠴᠠᠯᠠᠵᠤ᠂ ︽ᠨᠠᠯᠠᠭᠠᠷ ᠨᠠᠮᠤᠷ ᠤᠨ ᠤᠷᠢᠯᠭ᠎ᠠ︾ ᠰᠣᠳᠣᠨ ᠵᠢᠭᠤᠯᠴᠢᠯᠠᠯ ᠤᠨ ᠰᠢᠷᠢᠰ ᠦᠢᠯᠡᠳᠬᠦᠨ ᠭᠠᠷᠭᠠᠨ᠂ ᠤᠯᠠᠨ ᠰᠠᠶᠢᠬᠠᠨ ᠠᠵᠢᠯᠯᠠᠭ᠎ᠠ ᠥᠷᠨᠢᠭᠦᠯᠵᠦ | ᠵᠢᠭᠤᠯᠴᠢᠯᠠᠬᠰᠠᠳ ᠢ ᠶᠡᠭᠡ ᠪᠠᠷ ᠲᠠᠲᠠᠵᠠᠢ᠃ ᠰᠢᠶᠧ ᠴᠧᠩ ᠵᠢᠭᠤᠯᠴᠢᠯᠠᠯ ᠤᠨ ᠲᠠᠪᠴᠠᠩ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠥᠪᠥᠷ ᠮᠣᠩᠭᠤᠯ ᠤᠨ ᠴᠢᠨᠠᠷ | ᠰᠠᠶᠢᠲᠠᠢ ᠵᠢᠭᠤᠯᠴᠢᠯᠠᠯ ᠤᠨ ᠦᠢᠯᠡᠳᠬᠦᠨ᠂ ᠡᠵᠡᠩᠨᠡᠯᠲᠡ ᠶᠢᠨ ᠭᠡᠯᠪᠡᠷᠢ ᠪᠠᠶᠢᠳᠠᠯ ᠨᠢ ᠦᠢ ᠣᠯᠠᠨ ᠵᠢᠭᠤᠯᠴᠢᠯᠠᠭᠴᠢ ᠶᠢᠨ ᠰᠣᠨᠢᠷᠬᠠᠯ ᠢ ᠲᠠᠲᠠᠵᠤ᠂ ᠣᠯᠠᠨ | ᠤᠯᠤᠰ ᠤᠨ ᠨᠢᠰᠬᠡᠯ ᠤᠨ ᠪᠢᠯᠧᠲ ᠢ ᠤᠷᠢᠳᠴᠢᠯᠠᠨ ᠵᠠᠬᠢᠶᠠᠯᠠᠬᠤ ᠬᠠᠯᠠᠮᠰᠢᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 200% ᠪᠠᠷ ᠨᠡᠮᠡᠭᠳᠡᠨ ᠪᠦᠭᠦ | ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ |