︽ᠬᠤᠪᠢᠰᠬᠠᠯᠲᠤ ᠤᠯᠠᠭ᠎ᠠ ᠥᠷᠲᠡᠭᠡ︾ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/11/6
      2024-11-6-1.png
       ᠬᠡᠳᠦᠨ ᠠᠷᠪᠠ ᠠᠴᠠ ᠬᠡᠳᠦᠨ ᠵᠠᠭᠤᠨ ᠲᠡᠭᠰᠢ ᠳᠥᠷᠪᠡᠯᠵᠢᠨ ᠮᠧᠳ᠋ᠷ ᠪᠦᠬᠦᠢ ᠠᠳᠠᠯᠢ ᠪᠤᠰᠤ ᠲᠠᠯᠠᠪᠠᠢ ᠲᠠᠢ ︽ᠬᠤᠪᠢᠰᠬᠠᠯᠲᠤ ᠤᠯᠠᠭ᠎ᠠ ᠥᠷᠲᠡᠭᠡ︾ ᠭᠠᠵᠠᠷ ᠪᠣᠯᠭᠠᠨ ᠳᠤ ᠬᠠᠷᠠᠭᠳᠠᠵᠤ᠂ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ ; ᠤᠯᠠᠭ᠎ᠠ ᠥᠷᠲᠡᠭᠡ ᠳᠣᠲᠣᠷ᠎ᠠ ᠨᠣᠮ᠂ ᠱᠦᠭᠦᠷ᠂ ᠪᠠᠴᠢᠮ ᠠᠪᠤᠷᠠᠯᠲᠠ ᠶᠢᠨ ᠬᠠᠶᠢᠷᠴᠠᠭ᠂ ᠤᠰᠤ ᠤᠤᠭᠤᠬᠤ ᠮᠠᠰᠢᠨ᠂ ᠵᠢᠵᠢᠭ ᠴᠠᠭᠢᠯᠭᠠᠨ ᠬᠡᠷᠡᠭᠰᠡᠯ ᠵᠡᠷᠭᠡ ᠤᠯᠠᠨ ᠵᠦᠢᠯᠡᠰ ᠪᠠᠶᠢᠵᠤ᠂ ᠬᠤᠲᠠ ᠶᠢᠨ ᠠᠷᠠᠳ ᠬᠡᠷᠡᠭᠴᠡᠭᠡ ᠲᠠᠢ ᠦᠶᠡᠰ ᠴᠠᠭ ᠲᠤᠬᠠᠢ ᠳᠤᠨᠢ ᠲᠡᠨᠳᠡ ᠣᠴᠢᠵᠤ ᠴᠢᠬᠤᠯᠠᠲᠠᠢ ᠵᠦᠢᠯ ᠢᠶᠠᠨ ᠬᠡᠷᠡᠭᠯᠡᠵᠦ ᠪᠣᠯᠣᠨ᠎ᠠ ᠁ 2020 ᠣᠨ ᠠᠴᠠ ᠨᠠᠭᠠᠰᠢ᠂ ᠬᠤᠪᠧᠢ ᠮᠤᠵᠢ ᠶᠢᠨ ᠰᠢᠶᠠᠩᠶᠠᠩ ᠬᠤᠲᠠ 558 ︽ᠬᠤᠪᠢᠰᠬᠠᠯᠲᠤ ᠤᠯᠠᠭ᠎ᠠ ᠥᠷᠲᠡᠭᠡ︾ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠵᠦ᠂ ᠤᠯᠠᠨ ᠲᠦᠮᠡᠨ ᠤ ᠲᠠᠭᠠᠰᠢᠶᠠᠯ ᠢ ᠣᠯᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ