ᠠᠬᠠᠮᠠᠳ ᠨᠠᠮ ᠤᠨ ᠭᠡᠰᠢᠭᠦᠨ ᠤ ᠳᠠᠭᠤᠷᠢᠶᠠᠯ ᠤᠨ ᠬᠦᠴᠦᠨ
ᠨᠡᠶᠢᠲᠡᠯᠡᠭᠰᠡᠨ ᠴᠠᠭ᠄
2024/11/6
       ᠭᠦᠭᠡᠬᠤᠲᠠ ᠶᠢᠨ ᠲᠣᠭᠲᠠᠬᠤ ᠰᠢᠶᠠᠨ ᠳᠤ ᠨᠢᠭᠡᠨ ︽ᠵᠢᠷᠭᠠᠬᠤ ᠨᠡᠷᠡᠨ ᠤ ᠤᠯᠠᠪᠢᠷ ᠲᠤᠶᠠᠭ᠎ᠠ ᠬᠠᠮᠠᠭᠠᠯᠠᠯᠲᠠ ᠶᠢᠨ ᠠᠩᠭᠢ︾ ᠭᠡᠵᠦ ᠪᠠᠶᠢᠳᠠᠭ᠂ ᠡᠨᠡ ᠬᠦ ᠡᠩᠨᠡᠭᠡ ᠶᠢ ᠲᠣᠰ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠠᠴᠠ ᠵᠣᠬᠢᠶᠠᠨ ᠪᠠᠶᠢᠭᠤᠯᠤᠭᠰᠠᠨ ᠪᠠᠶᠢᠳᠠᠭ᠃ ᠲᠡᠲᠡ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠵᠢᠯ ᠤᠨ ᠲᠠᠰᠤᠭ ᠲᠠᠢ ᠬᠤᠯᠪᠤᠭᠠᠯᠠᠨ ᠬᠥᠷᠰᠢ ᠵᠡᠷᠭᠡᠯᠡᠳᠡᠭᠡ ᠶᠢᠨ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ᠂ ᠡᠳᠦᠷ ᠲᠤᠲᠤᠮ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠭᠠᠯ ᠢ ᠰᠡᠷᠭᠡᠶᠢᠯᠡᠬᠦ ᠬᠤᠯᠠᠭᠠᠢ ᠶᠢ ᠰᠡᠷᠭᠡᠶᠢᠯᠡᠬᠦ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ᠂ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠦᠷᠭᠦᠯᠵᠢ ᠥᠷᠨᠢᠭᠦᠯᠳᠡᠭ ᠪᠥᠭᠡᠳ ᠴᠢᠬᠤᠯᠠ ᠶᠡᠭᠡ ᠠᠮᠤᠷ  ᠢ ᠬᠠᠮᠠᠭᠠᠯᠠᠬᠤ᠂ ᠴᠢᠬᠤᠯᠠ ᠠᠵᠢᠯᠯᠠᠭ᠎ᠠ᠂ ᠭᠤᠣᠯᠳᠠᠯᠭ᠎ᠠ ᠲᠠᠢ ᠣᠷᠣᠨ ᠪᠦᠰᠡ ᠳᠤ ᠠᠷᠠᠳ ᠤᠨ ᠴᠠᠭᠳᠠᠭ᠎ᠠ ᠲᠠᠢ ᠬᠠᠮᠵᠢᠯᠴᠠᠨ ᠲᠣᠭᠤᠷᠢᠨ ᠴᠠᠭᠳᠠᠬᠤ ᠤᠬᠠᠭᠤᠯᠭ᠎ᠠ ᠥᠷᠨᠢᠭᠦᠯᠳᠡᠭ᠃       ᠲᠣᠭᠲᠠᠬᠤ ᠰᠢᠶᠠᠨ ᠤ ᠵᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠰᠠᠭᠤᠭ᠎ᠠ ᠸᠠᠩ ᠶᠦᠩ ᠪᠢᠨ᠂ ᠶᠦᠨ ᠶᠠᠨ ᠹᠧᠩ᠂ ᠶᠠᠩ ᠴᠢᠤᠸᠠᠨ ᠸᠠᠩ᠂ ᠯᠢᠦ ᠵᠢᠩ ᠴᠦᠨ ᠵᠡᠷᠭᠡ 4 ᠠᠬᠠᠮᠠᠳ ᠨᠠᠮ ᠤᠨ ᠭᠡᠰᠢᠭᠦᠨ ᠪᠣᠯ ᠳᠤᠰ ︽ᠬᠠᠮᠠᠭᠠᠯᠠᠯᠲᠠ ᠶᠢᠨ ᠠᠩᠭᠢ︾ ᠶᠢᠨ ᠵᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠪᠠᠭ᠎ᠠ ᠬᠤᠪᠢᠶᠠᠷᠢ ᠠᠩᠭᠢ ᠶᠢᠨ ᠭᠡᠰᠢᠭᠦᠨ ᠪᠣᠯᠣᠨ᠎ᠠ᠃ ᠡᠩ ᠤᠨ ᠦᠶ᠎ᠡ ᠳᠤ᠂ ᠲᠠᠳᠠ ︽ᠡᠭᠦᠳᠡᠨ ᠬᠠᠷᠠᠭᠤᠯ ᠤᠨ ᠪᠦᠷᠢᠶ᠎ᠡ︾᠂ ︽ᠰᠠᠭᠤᠭᠠᠯᠢ ᠠᠷᠠᠳ ᠤᠨ ᠲᠣᠭᠤᠷᠢᠭ ᠤᠨ ᠵᠣᠭᠤᠭ ᠤᠨ ᠥᠷᠥᠭᠡ︾ ᠵᠡᠷᠭᠡ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠲᠣᠭᠤᠷᠢᠭ ᠤᠨ ᠣᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠨᠡᠶᠢᠭᠡᠮ ᠲᠣᠭᠤᠷᠢᠭ ᠤᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠥᠷᠥ ᠶᠢᠨ ᠪᠣᠳᠣᠯᠭ᠎ᠠ ᠶᠢ ︽ᠠᠮᠢᠳᠤᠷᠠᠯ ᠤᠨ ᠦᠭᠡ ᠭᠡᠯᠡ︾ ᠪᠠᠷ ᠢᠶᠠᠨ ᠲᠦᠭᠦᠮ ᠮᠥᠷᠲᠡᠭᠡᠨ ᠣᠶᠢᠯᠠᠭᠠᠮᠵᠢᠲᠠᠢ ᠲᠠᠶᠢᠯᠪᠤᠷᠢᠯᠠᠳᠠᠭ ᠶᠤᠮ᠃ ᠡᠭᠦᠨ ᠠᠴᠠ ᠭᠠᠳᠠᠨ᠎ᠠ᠂ ᠲᠠᠳᠠ ᠪᠠᠰᠠ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠰᠠᠭᠤᠭᠠᠯᠢ ᠠᠷᠠᠳ ᠢ ᠳᠠᠭᠠᠭᠤᠯᠤᠨ ᠬᠤᠭ ᠨᠣᠪᠰᠢ ᠲᠡᠭᠦᠵᠦ᠂ ᠵᠢᠵᠢᠭ ᠵᠠᠷ᠂ ᠪᠤᠵᠠᠷ ᠡᠪᠡᠰᠦ ᠶᠢ ᠠᠷᠢᠯᠭᠠᠳᠠᠭ᠃ ︽ᠰᠠᠭᠤᠭᠠᠯᠢ ᠠᠷᠠᠳ ᠤᠨ ᠲᠣᠭᠤᠷᠢᠭ ᠤᠨ ᠶᠡᠭᠡ ᠶᠠᠪᠤᠳᠠᠯ ᠪᠠᠭ᠎ᠠ ᠤᠴᠢᠷ ᠭᠡᠰᠡᠨ ᠦᠭᠡᠢ᠂ ᠶᠡᠷᠦᠨᠢ ᠠᠬᠠᠮᠠᠳ ᠨᠠᠮ ᠤᠨ ᠭᠡᠰᠢᠭᠦᠳ ᠤᠨ ᠪᠠᠷ᠎ᠠ ᠶᠢ ᠣᠯᠵᠤ ᠬᠠᠷᠠᠳᠠᠭ᠂ ᠲᠡᠲᠡ ᠪᠢᠳᠡᠨ ᠳᠤ ᠥᠯᠢᠭᠡᠷ ᠳᠠᠭᠤᠷᠢᠶᠠᠯ ᠪᠣᠯᠤᠭᠰᠠᠨ ᠶᠤᠮ︾ ᠭᠡᠵᠦ ᠰᠠᠭᠤᠭᠠᠯᠢ ᠠᠷᠠᠳ ᠪᠠᠶᠢᠨ ᠲᠠᠭᠢᠨ ᠢᠯᠡᠳᠬᠡᠵᠡᠭᠡᠨ᠎ᠡ᠃       ᠣᠶᠢᠷ᠎ᠠ ᠶᠢᠨ ᠵᠢᠯ ᠳᠤ᠂ ᠭᠦᠭᠡᠬᠤᠲᠠ ᠶᠢᠨ ᠲᠣᠭᠲᠠᠬᠤ ᠰᠢᠶᠠᠨ ︽ᠤᠮᠠᠷᠠᠲᠤ ᠬᠢᠯᠢ ᠶᠢᠨ ᠨᠠᠰᠤᠲᠠᠶᠢᠴᠤᠳ ᠤᠨ ᠬᠤᠰᠢᠭᠤᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢᠶᠠᠷ ᠭᠠᠷᠳᠠᠴᠠ ᠪᠤᠯᠭᠠᠵᠤ᠂ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠤ ︽ᠪᠤᠭᠤᠷᠤᠯᠴᠤᠳ︾ ᠤᠨ ᠬᠦᠴᠦᠨ ᠢ ᠪᠠᠳᠠᠷᠠᠭᠤᠯᠬᠤ ᠪᠠᠷ ᠬᠠᠷᠠᠯᠲᠠ ᠪᠠᠨ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠰᠠᠶᠢᠨ᠂ ᠤᠳᠤᠷᠢᠳᠬᠤ ᠪᠠᠭ ᠤᠨ ᠪᠠᠶᠢᠭᠤᠯᠤᠯᠲᠠ ᠰᠠᠶᠢᠨ᠂ ᠨᠠᠮ ᠤᠨ ᠭᠡᠰᠢᠭᠦᠨ ᠤ ᠡᠩᠨᠡᠭᠡ ᠰᠠᠶᠢᠨ᠂ ᠰᠤᠷᠤᠯᠴᠠᠯᠭ᠎ᠠ ᠶᠢᠨ ᠠᠵᠢᠯᠯᠠᠭ᠎ᠠ ᠰᠠᠶᠢᠨ᠂ ᠦᠢᠯᠡᠳᠦᠯ ᠢᠶᠠᠨ ᠰᠠᠶᠢᠨ ᠪᠠᠳᠠᠷᠠᠭᠤᠯᠬᠤ᠂ ᠳᠦᠷᠢᠮ ᠢᠶᠠᠨ ᠰᠠᠶᠢᠨ ᠪᠠᠷᠢᠮᠲᠠᠯᠠᠬᠤ ︽ᠵᠢᠷᠭᠤᠭᠠᠨ ᠰᠠᠶᠢᠨ︾ ᠤ ᠪᠠᠷᠢᠮᠵᠢᠶ᠎ᠠ ᠪᠠᠷ᠂ ᠰᠢᠨ᠎ᠡ ᠬᠡᠪ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠠᠴᠠ ᠪᠠᠨ ᠲᠠᠷᠬᠠᠯᠠᠬᠲᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠤ ᠳᠠᠪᠠᠭᠤᠯᠢᠭ ᠪᠠ ᠦᠢᠯᠡᠳᠦᠯ ᠢ ᠪᠠᠳᠠᠷᠠᠭᠤᠯᠤᠨ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠠᠴᠠ ᠲᠠᠷᠬᠠᠯᠠᠬᠲᠠᠬᠰᠠᠨ ᠠᠵᠢᠯ ᠠᠴᠠ ᠪᠠᠨ ᠠᠮᠠᠷᠠᠭᠰᠠᠨ ᠨᠠᠮ ᠤᠨ ᠡᠭᠦᠷ ᠢ ᠭᠤᠣᠯᠳᠠᠯᠭ᠎ᠠ ᠲᠠᠢ ᠪᠠᠷ ︽ᠬᠤᠰᠢᠭᠤᠴᠢ︾ ᠨᠠᠮ ᠤᠨ ᠡᠭᠦᠷ ᠪᠣᠯᠭᠠᠨ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠠᠬᠠᠮᠠᠳ ᠨᠠᠮ ᠤᠨ ᠭᠡᠰᠢᠭᠦᠨ ᠤ ᠡᠩᠨᠡᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠪᠠᠳᠠᠷᠠᠭᠤᠯᠤᠨ᠂ ᠲᠡᠳᠡᠨ ᠤ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠴᠢᠨᠠᠭᠰᠢᠯᠠᠨ ᠬᠤᠪᠢ ᠨᠡᠮᠡᠷᠢ ᠪᠠᠨ ᠦᠵᠡᠭᠦᠯᠭᠦ ᠶᠢ ᠠᠬᠢᠭᠤᠯᠪᠠ᠃       ᠡᠭᠦᠨ ᠤ ᠵᠡᠷᠭᠡ ᠳᠤ᠂ ︽ᠤᠮᠠᠷᠠᠲᠤ ᠬᠢᠯᠢ ᠶᠢᠨ ᠨᠠᠰᠤᠲᠠᠶᠢᠴᠤᠳ ᠤᠨ ᠬᠤᠰᠢᠭᠤᠴᠢ︾ ᠨᠠᠮ ᠤᠨ ᠡᠭᠦᠷ ︽ᠲᠥᠪᠯᠡᠷᠡᠭᠦᠯᠦᠨ ᠰᠤᠷᠤᠯᠴᠠᠬᠤ + ᠰᠤᠷᠤᠯᠴᠠᠯᠭ᠎ᠠ ᠶᠢ ᠭᠡᠷ ᠲᠤᠨᠢ ᠬᠦᠷᠭᠡᠬᠦ + ᠰᠦᠯᠵᠢᠶᠡᠨ ᠳᠡᠭᠡᠷ᠎ᠡ ᠰᠤᠷᠤᠯᠴᠠᠯᠭ᠎ᠠ ᠬᠦᠷᠭᠡᠬᠦ︾ ᠣᠨᠣᠯ ᠤᠨ ᠰᠤᠷᠤᠯᠴᠠᠯᠭ᠎ᠠ ᠶᠢᠨ ᠵᠠᠭᠪᠤᠷ ᠢ ᠪᠠᠶᠢᠭᠤᠯᠤᠨ᠂ ︽ᠭᠤᠷᠪᠠᠨ ᠬᠤᠷᠠᠯ ᠨᠢᠭᠡ ᠬᠢᠴᠢᠶᠡᠯ︾ ᠢ ᠵᠢᠷᠤᠮᠵᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠤᠰᠬᠠᠶᠢᠯᠠᠨ ᠵᠢᠷᠭᠢᠶ᠎ᠡ ᠶᠢᠨ ᠬᠤᠯᠪᠤᠭ᠎ᠠ ᠶᠢ ᠪᠠᠶᠢᠭᠤᠯᠵᠤ᠂ ᠬᠠᠮᠤᠭ ᠤᠨ ᠰᠢᠨ᠎ᠡ ᠰᠤᠷᠤᠯᠴᠠᠬᠤ ᠱᠠᠭᠠᠷᠳᠠᠯᠭ᠎ᠠ ᠶᠢ ᠦᠨᠳᠦᠰᠦᠯᠡᠨ ᠰᠤᠷᠤᠯᠴᠠᠬᠤ ᠮᠠᠲ᠋ᠧᠷᠢᠶᠠᠯ ᠢ ᠲᠠᠷᠬᠠᠭᠠᠪᠡ ; ᠰᠤᠷᠤᠯᠴᠠᠯᠭ᠎ᠠ ᠶᠢᠨ ᠬᠦᠴᠦᠷᠬᠡᠭ ᠤᠯᠤᠰ᠂ ᠠᠮᠤᠭᠤᠯᠠᠩᠲᠤ ᠲᠣᠭᠲᠠᠬᠤ᠂ ᠶᠦᠨ ᠵᠦᠩ ᠬᠠᠮ ᠵᠠᠭᠤᠴᠢᠯᠠᠭᠤᠷ ᠵᠡᠷᠭᠡ ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠨ᠂ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠨ ᠰᠠᠨᠠᠯ ᠪᠤᠳᠤᠯ ᠢᠶᠠᠨ ᠰᠣᠯᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠠᠮᠢᠳᠤᠯᠢᠭ ᠵᠢᠭᠠᠬᠤ ᠮᠠᠲ᠋ᠧᠷᠢᠶᠠᠯ︾ ᠢ ᠠᠵᠢᠯ  ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠳᠤ ᠴᠠᠭ ᠲᠤᠬᠠᠢ ᠳᠤᠨᠢ ᠬᠦᠷᠭᠡᠨ᠂ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠪᠣᠯᠭᠠᠨ ᠤ ᠰᠤᠷᠤᠯᠴᠠᠨ ᠡᠵᠡᠮᠰᠢᠬᠦ ᠳᠤ ᠪᠠᠲᠤᠯᠠᠭ᠎ᠠ ᠬᠠᠩᠭᠠᠨ᠂ ᠠᠷᠠᠳ ᠲᠦᠮᠡᠨ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠬᠦ ᠶᠢ ᠠᠬᠢᠭᠤᠯᠪᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ