ᠨᠠᠮ ᠤᠨ ᠭᠡᠰᠢᠭᠦᠨ ᠺᠠᠳ᠋ᠷᠴᠤᠳ ᠪᠣᠯ ᠨᠠᠮ ᠤᠨ ᠭᠤᠣᠯᠯᠠᠭᠴᠢ ᠬᠦᠴᠦᠨ ᠮᠥᠨ᠃ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ | ᠲᠦᠷᠦ ᠶᠢᠨ ᠪᠠᠶᠢᠭᠤᠯᠤᠯᠲᠠ ᠨᠢ ᠨᠠᠮ ᠤᠨ ᠪᠦᠬᠦᠯᠢ ᠴᠣᠭᠴᠠ ᠶᠢᠨ ᠬᠥᠭᠵᠢᠯᠲᠡ ᠪᠠ ᠤᠷᠲᠤ ᠬᠤᠭᠤᠴᠠᠭ᠎ᠠ ᠪᠠᠷ ᠲᠦᠷᠦ ᠪᠠᠷᠢᠬᠤ ᠳᠤ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠪᠠᠶᠢᠳᠠᠭ᠃ ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠤᠯᠤᠰ ᠤᠨ ᠳᠣᠲᠣᠭᠠᠳᠤ | ᠭᠠᠳᠠᠭᠠᠳᠤ ᠶᠢᠨ ᠣᠷᠴᠢᠨ ᠲᠣᠭᠤᠷᠢᠨ ᠪᠠ ᠡᠯ᠎ᠡ ᠵᠦᠢᠯ ᠤᠨ ᠥᠷᠢᠰᠦᠯᠳᠦᠭᠡᠨ ᠤ ᠡᠮᠦᠨ᠎ᠡ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ | ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠨᠢ ᠨᠡᠩ ᠴᠢᠬᠤᠯᠠ ᠪᠣᠯᠤᠭᠰᠠᠨ ᠪᠠᠶᠢᠨ᠎ᠠ᠃ | ᠨᠠᠮ ᠤᠨ ᠭᠡᠰᠢᠭᠦᠨ ᠺᠠᠳ᠋ᠷᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠ ᠠᠷᠠᠳ ᠲᠦᠮᠡᠨ ᠳᠡᠭᠡᠨ | ᠬᠠᠶᠢᠷᠠᠲᠠᠢ ᠪᠠᠶᠢᠬᠤ ᠶᠢ ᠢᠮᠠᠭᠲᠠ ᠪᠠᠲᠤᠯᠠᠬᠤ ᠴᠢᠬᠤᠯᠠᠲᠠᠢ᠃ ᠬᠦᠰᠡᠯᠡᠩ ᠢᠲᠡᠭᠡᠯ ᠪᠢᠰᠢᠷᠡᠯ ᠪᠣᠯ ᠡᠪ ᠬᠠᠮᠲᠤᠴᠤᠳ ᠤᠨ ᠤᠶᠤᠨ ᠰᠠᠨᠠᠭᠠᠨ ᠤ ︽ᠺᠠᠯᠼ︾ ᠪᠥᠭᠡᠳ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠰᠠᠭᠤᠷᠢ ᠮᠥᠨ᠃ ᠭᠠᠭᠴᠠ ᠬᠦ ᠬᠦᠰᠡᠯᠡᠩ ᠪᠠ ᠢᠲᠡᠭᠡᠯ ᠪᠢᠰᠢᠷᠡᠯ ᠡᠷᠡᠰ ᠪᠠᠲᠤ ᠪᠠᠶᠢᠪᠠᠯ ᠰᠠᠶ᠋ᠢ ᠰᠠᠯᠬᠢ | ᠳᠠᠪᠠᠯᠭᠠᠨ ᠢ ᠰᠥᠷᠦᠨ ᠤᠷᠤᠭᠰᠢᠯᠠᠵᠤ᠂ ᠬᠠᠲᠠᠭᠤ ᠰᠢᠯᠭᠠᠯᠲᠠ ᠶᠢᠨ ᠡᠮᠦᠨ᠎ᠡ ᠶᠠᠭᠤᠨ ᠠᠴᠠ ᠴᠤ ᠠᠶᠤᠬᠤ ᠦᠭᠡᠢ᠂ ᠡᠯ᠎ᠡ ᠵᠦᠢᠯ ᠤᠨ ᠥᠳᠥᠭᠡᠯᠭᠡ ᠶᠢᠨ ᠡᠮᠦᠨ᠎ᠡ | ᠵᠣᠭᠰᠣᠯᠲᠠ ᠪᠠᠲᠤ ᠪᠣᠯᠵᠤ᠂ ᠢᠮᠠᠭᠲᠠ ᠬᠤᠷᠴᠠ ᠰᠡᠷᠭᠡᠭ ᠦᠵᠡᠯ ᠤᠬᠠᠮᠰᠠᠷ ᠲᠠᠢ ᠪᠠᠶᠢᠵᠤ ᠴᠢᠳᠠᠨ᠎ᠠ᠃ ᠨᠠᠮ ᠤᠨ ᠭᠡᠰᠢᠭᠦᠨ ᠺᠠᠳ᠋ᠷᠴᠤᠳ ᠥᠪᠡᠷ ᠤᠨ ᠤᠭ ᠰᠠᠨᠠᠭ᠎ᠠ | ᠪᠣᠯᠣᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ | ᠲᠦᠮᠡᠨ ᠳᠤ ᠪᠤᠶᠠᠨ ᠦᠢᠯᠡᠳᠴᠦ᠂ ᠬᠥᠭᠵᠢᠯᠲᠡ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠴᠢᠬᠤᠯᠠᠲᠠᠢ᠃ | ᠨᠠᠮ ᠤᠨ ᠭᠡᠰᠢᠭᠦᠨ ᠺᠠᠳ᠋ᠷᠴᠤᠳ ᠤᠨᠤᠯ ᠤᠨ ᠰᠤᠷᠤᠯᠴᠠᠯᠭ᠎ᠠ ᠶᠢ ᠴᠢᠬᠤᠯᠠᠴᠢᠯᠠᠵᠤ᠂ ᠲᠤᠰ ᠪᠡᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠡᠪ | ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠴᠢᠬᠤᠯᠠᠲᠠᠢ᠃ ᠤᠨᠦᠯ ᠤᠨ ᠰᠤᠷᠤᠯᠴᠠᠯᠭ᠎ᠠ ᠪᠣᠯ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ | ᠴᠢᠩᠭᠠᠳᠬᠠᠬᠤ ᠴᠢᠬᠤᠯᠠ ᠠᠷᠭ᠎ᠠ ᠵᠡᠮ ᠮᠥᠨ᠃ ᠨᠠᠮ ᠤᠨ ᠭᠡᠰᠢᠭᠦᠨ ᠺᠠᠳ᠋ᠷᠴᠤᠳ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠭᠦᠨᠵᠡᠭᠡᠢ | ᠰᠤᠷᠤᠯᠴᠠᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠡᠵᠡᠮᠰᠢᠪᠡᠯ ᠰᠠᠶ᠋ᠢ ᠦᠢᠯᠡᠳᠦᠯᠭᠡ ᠪᠠᠨ ᠨᠡᠩ | ᠰᠠᠶᠢᠲᠤᠷ ᠵᠢᠯᠤᠭᠤᠳᠴᠤ᠂ ᠠᠵᠢᠯ ᠢᠶᠠᠨ ᠨᠡᠩ ᠰᠠᠶᠢᠲᠤᠷ ᠠᠬᠢᠭᠤᠯᠵᠤ ᠴᠢᠳᠠᠨ᠎ᠠ᠃ ᠡᠭᠦᠨ ᠤ ᠬᠠᠮᠲᠤ ᠪᠠᠰᠠ ᠰᠢᠨ᠎ᠡ ᠮᠡᠳᠡᠯᠭᠡ᠂ ᠰᠢᠨ᠎ᠡ ᠤᠷ᠎ᠠ ᠮᠡᠷᠭᠡᠵᠢᠯ ᠢ | ᠰᠤᠷᠤᠯᠴᠠᠬᠤ ᠶᠢ ᠴᠢᠬᠤᠯᠠᠴᠢᠯᠠᠵᠤ᠂ ᠬᠠᠷᠠᠭ᠎ᠠ ᠪᠠᠨ ᠲᠠᠰᠤᠷᠠᠯᠳᠠ ᠦᠭᠡᠢ ᠥᠷᠭᠡᠳᠬᠡᠨ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠴᠠᠭ ᠦᠶ᠎ᠡ ᠶᠢᠨ | ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠨᠢ ᠨᠡᠩ ᠴᠢᠬᠤᠯᠠ᠃ | ᠨᠠᠮ ᠤᠨ ᠭᠡᠰᠢᠭᠦᠨ ᠺᠠᠳ᠋ᠷᠴᠤᠳ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠪᠠ ᠴᠢᠳᠠᠪᠤᠷᠢ ᠪᠠᠨ | ᠨᠡᠮᠡᠭᠳᠡᠭᠦᠯᠬᠦ ᠴᠢᠬᠤᠯᠠᠲᠠᠢ᠃ ᠤᠯᠠᠨ ᠲᠦᠮᠡᠨᠴᠢ ᠱᠤᠭᠤᠮ ᠪᠣᠯ ᠮᠠᠨ ᠤ ᠨᠠᠮ ᠤᠨ ᠦᠨᠳᠦᠰᠦᠨ ᠠᠵᠢᠯ ᠤᠨ ᠱᠤᠭᠤᠮ ᠮᠥᠨ᠃ ᠨᠠᠮ ᠤᠨ ᠭᠡᠰᠢᠭᠦᠨ ᠺᠠᠳ᠋ᠷᠴᠤᠳ | ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠤᠯᠠᠨ ᠤ ᠬᠡᠷᠡᠭᠴᠡᠭᠡ ᠪᠠ ᠬᠦᠰᠡᠯ ᠡᠷᠡᠮᠡᠯᠵᠡᠯ ᠢ ᠣᠶᠢᠯᠠᠭᠠᠵᠤ᠂ | ᠠᠷᠠᠳ ᠤᠯᠠᠨ ᠤ ᠬᠦᠴᠢᠷ ᠵᠣᠪᠠᠭᠤᠷᠢ ᠶᠢ ᠢᠳᠡᠪᠬᠢᠲᠡᠢ ᠪᠠᠷ ᠰᠢᠢᠳᠪᠦᠷᠢᠯᠡᠵᠦ ᠥᠭᠬᠦ ᠶᠢᠨ ᠬᠠᠮᠲᠤ᠂ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠠᠩᠬᠠᠷᠤᠨ | ᠰᠣᠨᠣᠰᠬᠤ ᠶᠢ ᠴᠢᠬᠤᠯᠠᠴᠢᠯᠠᠵᠤ᠂ ᠠᠵᠢᠯᠯᠠᠬᠤ ᠠᠷᠭ᠎ᠠ ᠪᠠ ᠠᠵᠢᠯ ᠤᠨ ᠰᠤᠷᠲᠠᠯ ᠢᠶᠠᠨ ᠲᠠᠰᠤᠷᠠᠯᠳᠠ ᠦᠭᠡᠢ ᠰᠠᠶᠢᠵᠢᠷᠠᠭᠤᠯᠵᠤ᠂ ᠠᠷᠠᠳ ᠤᠯᠠᠨ ᠳᠤ ᠦᠢᠯᠡᠴᠢᠯᠡᠬᠦ | ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠭᠦ ᠨᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢᠨ ᠵᠠᠩᠭᠢᠯᠠᠭ᠎ᠠ ᠪᠣᠯᠣᠨ᠎ᠠ᠃ | ᠨᠠᠮ ᠤᠨ ᠭᠡᠰᠢᠭᠦᠨ ᠺᠠᠳ᠋ᠷᠴᠤᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠤᠯᠭᠠᠵᠤ᠂ ᠦᠨᠡᠨ ᠠᠴᠠ ᠵᠥᠪ ᠢ ᠡᠷᠢᠬᠦ ᠵᠠᠷᠴᠢᠮ ᠢ | ᠪᠠᠷᠢᠮᠲᠠᠯᠠᠬᠤ ᠴᠢᠬᠤᠯᠠᠲᠠᠢ᠃ ᠠᠵᠢᠯ ᠤᠨ ᠪᠦᠲᠦᠮᠵᠢ ᠶᠢᠨ ᠦᠵᠡᠯᠲᠡ ᠪᠣᠯ ᠨᠠᠮ ᠤᠨ ᠭᠡᠰᠢᠭᠦᠨ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠡᠳ | ᠣᠯᠣᠭᠰᠠᠨ ᠠᠵᠢᠯ ᠤᠨ ᠦᠷ᠎ᠡ ᠪᠦᠲᠦᠮᠵᠢ ᠶᠢᠨ ᠲᠤᠬᠠᠢ ᠦᠵᠡᠯᠲᠡ ᠪᠠ ᠣᠪᠣᠷ ᠮᠥᠨ᠃ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠨᠢ ᠠᠷᠠᠳ | ᠲᠦᠮᠡᠨ ᠤ ᠠᠰᠢᠭ ᠲᠤᠰᠠ ᠶᠢ ᠴᠢᠬᠤᠯᠠᠴᠢᠯᠠᠵᠤ᠂ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠᠷ ᠥᠪᠡᠷ ᠤᠨ ᠡᠭᠦᠷᠭᠡ ᠪᠠᠨ ᠪᠤᠯᠭᠠᠬᠤ ᠶᠠᠪᠤᠳᠠᠯ ᠪᠣᠯᠣᠨ᠎ᠠ᠃ | ᠨᠠᠮ ᠤᠨ ᠭᠡᠰᠢᠭᠦᠨ ᠺᠠᠳ᠋ᠷᠴᠤᠳ ᠪᠣᠳᠠᠲᠤ ᠠᠮᠵᠢᠯᠲᠠ ᠪᠠ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠦᠨᠡᠨ ᠪᠣᠳᠠᠲᠠᠢ ᠠᠵᠢᠯ ᠤᠨ ᠦᠷ᠎ᠡ ᠪᠦᠳᠦᠮᠵᠢ ᠪᠠᠷ | ᠥᠪᠡᠷ ᠤᠨ ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠪᠠᠨ ᠰᠢᠯᠭᠠᠬᠤ ᠶᠢᠨ ᠬᠠᠮᠲᠤ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠠᠮᠵᠢᠯᠲᠠ ᠪᠠᠨ | ᠶᠡᠬᠡᠰᠬᠡᠬᠦ ᠦᠭᠡᠢ᠂ ᠠᠰᠠᠭᠤᠳᠠᠯ ᠢ ᠨᠢᠭᠤᠨ ᠳᠠᠯᠳᠠᠯᠠᠬᠤ ᠦᠭᠡᠢ ᠪᠠᠷ ᠦᠨᠡᠨ ᠪᠣᠳᠠᠲᠠᠢ ᠪᠤᠰᠤᠳᠴᠢ ᠣᠪᠣᠷ ᠢᠶᠠᠷ ᠠᠵᠢᠯ ᠤᠨ ᠠᠮᠵᠢᠯᠲᠠ ᠪᠦᠲᠦᠮᠵᠢ ᠳᠡᠭᠡᠨ ᠬᠠᠨᠳᠤᠬᠤ | ᠶᠣᠰᠣᠲᠠᠢ᠃ | ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡᠨ ᠤᠷᠳᠤ ᠬᠤᠭᠤᠴᠠᠭᠠᠨ ᠤ | ᠪᠥᠭᠡᠳ ᠪᠡᠷᠬᠡ ᠬᠠᠲᠠᠭᠤᠵᠢᠯᠲᠠᠢ ᠡᠭᠦᠷᠭᠡ ᠮᠥᠨ᠃ ᠨᠠᠮ ᠤᠨ ᠭᠡᠰᠢᠭᠦᠨ ᠺᠠᠳ᠋ᠷᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠤᠨᠤᠯ ᠤᠨ | ᠰᠤᠷᠤᠯᠴᠠᠯᠭ᠎ᠠ ᠶᠢ ᠴᠢᠬᠤᠯᠠᠴᠢᠯᠠᠬᠤ᠂ ᠤᠯᠠᠨ ᠲᠦᠮᠡᠨᠴᠢ ᠱᠤᠭᠤᠮ ᠢ ᠪᠠᠷᠢᠮᠲᠠᠯᠠᠬᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠤᠯᠭᠠᠬᠤ ᠵᠡᠷᠭᠡ | ᠲᠠᠯ᠎ᠠ ᠠᠴᠠ ᠭᠠᠷᠳᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠪᠠ ᠡᠷᠳᠡᠮ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ | ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠠᠭ ᠢᠮᠠᠭᠲᠠ ᠪᠡᠯᠡᠬᠡᠨ ᠪᠠᠶᠢᠬᠤ ᠬᠡᠷᠡᠭᠲᠡᠢ᠃ |