11 ᠳ᠋ᠤᠭᠡᠷ ᠰᠠᠷ᠎ᠠ ᠶᠢᠨ 4 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ | ᠲᠤᠰᠬᠠᠶ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ︽ᠠᠶᠠᠯᠭᠤ ᠳᠠᠭᠤᠳᠤ ᠥᠪᠥᠷ ᠮᠣᠩᠭᠤᠯ ᠬᠥᠷ ᠬᠥᠭᠵᠢᠶᠡᠨᠲᠦ ᠮᠥᠰᠥ ᠴᠠᠰᠤᠨ ᠤ ᠤᠯᠠᠷᠢᠯ︾ 2024 | — 2025 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠵᠢᠴᠢ ᠬᠥᠯᠥᠨ ᠪᠤᠶᠢᠷ ᠤᠨ ᠮᠥᠰᠥ ᠴᠠᠰᠤᠨ ᠤ | ᠵᠢᠭᠤᠯᠴᠢᠯᠠᠯ ᠤᠨ ᠤᠯᠠᠷᠢᠯ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠢ ᠰᠤᠳᠤᠯᠤᠨ ᠲᠣᠬᠢᠷᠠᠭᠤᠯᠪᠠ᠃ ᠬᠤᠲᠠ ᠶᠢᠨ ᠤᠳᠤᠷᠢᠳᠤᠯᠭ᠎ᠠ | ᠰᠦᠨ ᠸᠧᠶ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠬᠤᠰᠢᠭᠤ ᠬᠤᠲᠠ ᠲᠣᠭᠤᠷᠢᠭ ᠤᠨ ᠭᠤᠤᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠵᠢᠢ ᠶᠦᠩ ᠴᠢᠶᠠᠨ᠂ ᠡᠨᠡ ᠵᠢᠯ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠪᠦᠯ ᠤᠨ ᠤᠯᠠᠷᠢᠯ ᠤᠨ | ᠵᠢᠭᠤᠯᠴᠢᠯᠠᠯ ᠢ ᠥᠩᠭᠡᠷᠡᠭᠰᠡᠨ ᠵᠢᠯ ᠤᠨ ᠬᠢ ᠠᠴᠠ 40 ᠡᠳᠦᠷ ᠤᠷᠢᠳᠴᠢᠯᠠᠨ ᠡᠬᠢᠯᠡᠭᠦᠯᠬᠦ ᠶᠢ ᠠᠬᠢᠭᠤᠯᠵᠤ᠂ ᠬᠥᠯᠥᠨ ᠪᠤᠶᠢᠷ ᠤᠨ ᠮᠥᠰᠥ ᠴᠠᠰᠤᠨ ᠤ | ᠵᠢᠭᠤᠯᠴᠢᠯᠠᠯ ᠤᠨ ᠤᠯᠠᠷᠢᠯ ᠨᠢ 11 ᠳ᠋ᠤᠭᠡᠷ ᠰᠠᠷ᠎ᠠ ᠶᠢᠨ ᠡᠬᠢ ᠠᠴᠠ ᠢᠷᠡᠬᠦ ᠵᠢᠯ ᠤᠨ 4 ᠰᠠᠷ᠎ᠠ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠣᠳᠣᠬᠠᠨ ᠳᠤ ᠠᠵᠢᠯᠯᠠᠭ᠎ᠠ | ᠤᠳᠠᠯ ᠥᠬᠡᠶ ᠡᠬᠢᠯᠡᠬᠦ ᠭᠡᠵᠦ ᠪᠠᠶᠢᠨ᠎ᠠ᠂ ᠪᠡᠯᠡᠳᠬᠡᠯ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ | ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠢᠯ ᠤᠨ ᠬᠤᠪᠢᠶᠠᠷᠢᠯᠠᠯ ᠪᠠ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ | ᠣᠷᠬᠢᠭᠳᠠᠯ ᠳᠤᠲᠠᠭᠳᠠᠯ ᠢ ᠪᠠᠶᠢᠴᠠᠭᠠᠨ ᠨᠥᠬᠦᠪᠥᠷᠢᠯᠡᠵᠦ᠂ ᠨᠢᠭᠲᠠ ᠠᠴᠠ ᠨᠢᠭᠲᠠ ᠪᠠᠶᠢᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠥᠯᠥᠨ | ᠪᠤᠶᠢᠷ ᠤᠨ ᠣᠨᠴᠠᠯᠢᠭ ᠪᠠ ᠲᠦᠪᠰᠢᠨ ᠢ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠩᠬᠠᠨ ᠤ ᠫᠤᠤ ᠶᠢ | ᠲᠠᠯᠪᠢᠵᠤ᠂ ᠪᠥᠬᠦ ᠬᠤᠲᠠ ᠴᠢᠨᠠᠭᠰᠢᠯᠠᠪᠠᠯ ᠪᠥᠬᠦ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠰᠢᠭᠡ ᠶᠢ ᠰᠠᠶᠢᠲᠤᠷ ᠰᠡᠬᠦᠵᠦ᠂ ᠰᠠᠶᠢᠲᠤᠷ ᠡᠬᠢᠯᠡᠭᠦᠯᠬᠦ | ᠬᠡᠷᠡᠭᠲᠡᠶ ᠭᠡᠵᠦ ᠵᠢᠭᠠᠵᠤ ᠭᠠᠷᠭᠠᠪᠠ᠃ | ᠵᠢᠢ ᠶᠦᠩ ᠴᠢᠶᠠᠨ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠴᠠᠭ ᠤᠨ ᠵᠠᠩᠭᠢᠯᠠᠭ᠎ᠠ ᠶᠢᠨ | ᠴᠡᠭ ᠢ ᠰᠠᠶᠢᠲᠤᠷ ᠡᠵᠡᠮᠳᠡᠵᠦ᠂ ᠨᠠᠷᠢᠨ ᠵᠦᠢᠯᠡᠰ ᠢ ᠴᠢᠩᠭ᠎ᠠ ᠠᠩᠬᠠᠷᠴᠤ᠂ ᠡᠯ᠎ᠡ ᠲᠦᠷᠦᠯ ᠵᠦᠢᠯ᠂ ᠡᠯ᠎ᠡ ᠭᠤᠭᠴᠤᠭ᠎ᠠ ᠶᠢᠨ ᠴᠢᠨᠠᠷ ᠰᠠᠶᠢᠲᠠᠢ ᠥᠨᠳᠥᠷ ᠪᠠᠷᠢᠮᠵᠢᠶ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠡᠯᠡᠳᠬᠡᠯ ᠠᠵᠢᠯ ᠢ ᠨᠠᠷᠢᠯᠢᠭ ᠬᠢᠵᠦ᠂ ᠪᠣᠳᠠᠲᠠᠢ ᠬᠢᠵᠦ᠂ ᠲᠤᠭᠤᠰᠢᠲᠠᠢ ᠪᠡᠶᠡᠯᠡᠭᠦᠯᠬᠦ ᠬᠡᠷᠡᠭᠲᠡᠢ᠃ ︽ᠢᠳᠡᠬᠦ | ᠬᠤᠨᠣᠬᠤ ᠵᠤᠭᠠᠴᠠᠬᠤ ᠬᠤᠳᠠᠯᠳᠤᠭᠠᠯᠠᠬᠤ ᠴᠡᠩᠭᠡᠭᠦ︾ ᠪᠦᠬᠦ ᠡᠯᠧᠮᠧᠨ᠋ᠲ ᠤᠨ ᠲᠣᠭᠤᠷᠢᠨ ᠳᠤ᠂ ᠠᠵᠢᠯᠯᠠᠭ᠎ᠠ ᠶᠢᠨ ᠠᠭᠤᠯᠭ᠎ᠠ ᠶᠢ ᠲᠤᠬᠢᠷᠠᠭᠤᠯᠬᠤ᠂ ᠬᠦᠯᠢᠶᠡᠨ ᠠᠪᠬᠤ | ᠦᠢᠯᠡᠴᠢᠯᠡᠭᠡ ᠶᠢ ᠳᠡᠭᠡᠭᠰᠢᠯᠡᠭᠦᠯᠬᠦ᠂ ᠴᠢᠬᠤᠯᠠ ᠡᠯᠧᠮᠧᠨ᠋ᠲ ᠢ ᠪᠠᠲᠤᠯᠠᠬᠤ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠠᠰᠢᠭᠲᠠᠢ ᠠᠵᠠ | ᠲᠣᠬᠢᠶᠠᠯ ᠢ ᠠᠰᠢᠭᠯᠠᠨ᠂ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠪᠠᠶᠢᠭᠤᠯᠤᠯᠲᠠ᠂ ᠦᠢᠯᠡᠳᠬᠦᠨ ᠤ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠬᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠬᠦᠴᠦ ᠣᠷᠣᠭᠤᠯᠵᠤ᠂ ᠴᠢᠨᠠᠷ ᠰᠠᠶᠢᠲᠠᠢ᠂ ᠦᠷᠭᠦᠯᠵᠢᠯᠡᠬᠦ ᠴᠢᠨᠠᠷ ᠢᠶᠠᠷ ᠴᠢᠩᠭ᠎ᠠ᠂ ᠨᠥᠯᠥᠭᠡᠯᠡᠬᠦ | ᠬᠦᠴᠦᠨ ᠢᠶᠠᠷ ᠶᠡᠭᠡ ᠡᠪᠦᠯ ᠤᠨ ᠦᠪᠡᠳᠡᠭᠰᠢ ᠴᠤᠭᠯᠠᠭᠠᠨ ᠢ ᠡᠷᠬᠢᠯᠡᠬᠦ ᠬᠡᠷᠡᠭᠲᠡᠢ᠃ ᠠᠶᠤᠯ ᠦᠭᠡᠶ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠠᠵᠢᠯᠯᠠᠭ᠎ᠠ ᠶᠢᠨ | ᠬᠤᠭᠤᠴᠠᠭᠠᠨ ᠳᠠᠬᠢ ᠴᠠᠬᠢᠯᠭᠠᠨ ᠬᠠᠩᠭᠠᠬᠤ᠂ ᠡᠮ ᠡᠮᠨᠡᠯᠭᠡ᠂ ᠵᠠᠮ ᠬᠠᠷᠢᠯᠴᠠᠭ᠎ᠠ ᠵᠡᠷᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠦᠨ᠂ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠬᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠡᠮᠦᠨᠡᠬᠢ ᠬᠤᠭᠤᠴᠠᠭᠠᠨ ᠤ ᠤᠬᠠᠭᠤᠯᠭ᠎ᠠ ᠦᠷᠭᠦᠯᠵᠢᠯᠡᠨ ᠴᠢᠩᠭᠠᠷᠠᠵᠤ᠂ ᠠᠵᠢᠯᠯᠠᠭ᠎ᠠ ᠳᠤᠮᠳᠠᠬᠢ ᠤᠬᠠᠭᠤᠯᠭ᠎ᠠ ᠪᠥᠬᠦ ᠲᠠᠯ᠎ᠠ ᠪᠠᠷ | ᠲᠥᠪᠯᠡᠷᠡᠵᠦ᠂ ᠲᠠᠷᠠᠭᠠᠴᠢ ᠶᠢᠨ ᠤᠬᠠᠭᠤᠯᠭ᠎ᠠ ᠶᠢᠨ ᠦᠯᠡᠳᠡᠪᠦᠷᠢ ᠢᠯᠴᠢ ᠲᠠᠰᠤᠷᠠᠯᠲᠠ ᠥᠬᠡᠶ ᠨᠡᠮᠡᠭᠳᠡᠵᠦ᠂ ᠬᠥᠯᠥᠨ ᠪᠤᠶᠢᠷ ᠬᠤᠲᠠ ᠶᠢᠨ ᠡᠪᠦᠯ ᠤᠨ ᠤᠯᠠᠷᠢᠯ ᠤᠨ | ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠴᠢᠨᠠᠭᠰᠢᠳᠠ ᠥᠷᠭᠡᠳᠬᠡᠬᠦ ᠬᠡᠷᠡᠭᠲᠡᠶ ᠭᠡᠵᠦ ᠱᠠᠭᠠᠷᠳᠠᠪᠠ᠃ |