︽︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠰᠠᠨᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠲᠠᠷᠬᠠᠭᠠᠪᠠ ﹇2024﹈ | 18 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠶᠢᠲᠡᠯᠡᠬᠦ᠂ ᠨᠡᠷ᠎ᠡ ᠮᠡᠳᠡᠭᠦᠯᠬᠦ ᠶᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ᠂ ᠲᠤᠰᠬᠠᠢ | ᠮᠡᠷᠭᠡᠵᠢᠯᠲᠡᠨ ᠠᠴᠠ ᠦᠨᠡᠯᠡᠵᠦ ᠬᠢᠨᠠᠨ ᠲᠣᠭᠲᠠᠭᠠᠬᠤ᠂ ᠰᠢᠨᠵᠢᠯᠡᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠨᠠᠶᠢᠳᠠ | 2 ᠬᠥᠮᠥᠨ ᠤᠷᠢᠵᠤ ᠣᠷᠣᠭᠤᠯᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠪᠠ᠂ ᠣᠲᠣ ᠤᠷᠢᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠤᠨ | ᠴᠢᠳᠠᠪᠤᠷᠢᠲᠠᠨ ᠢ ᠵᠠᠷᠯᠠᠨ ᠨᠡᠶᠢᠲᠡᠯᠡᠶ᠎ᠡ᠃ ᠨᠢᠭᠡ᠂ ᠵᠠᠷᠯᠠᠨ ᠨᠡᠶᠢᠲᠡᠯᠡᠬᠦ ᠡᠲᠡᠭᠡᠳ ᠯᠢᠦ ᠸᠧᠨ ᠪᠠᠢ᠂ ᠡᠷᠡᠭᠲᠡᠢ᠂ 1992 ᠣᠨ ᠤ 5 ᠰᠠᠷ᠎ᠠ ᠳᠤ ᠲᠥᠷᠥᠵᠡᠢ᠂ | ᠳ᠋ᠣᠺᠲ᠋ᠣᠷᠠᠨᠲ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷᠠᠯᠢᠭ ᠤᠨ ᠵᠢᠷᠤᠭ ᠲᠥᠯᠥᠪᠯᠡᠭᠡᠨ ᠤ | ᠰᠠᠯᠪᠤᠷᠢ ᠶᠢᠨ ᠲᠤᠰᠬᠠᠢ ᠲᠤᠰᠢᠶᠠᠯᠲᠤ ᠪᠠᠭᠰᠢ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠪᠠᠷ ᠪᠤᠢ᠃ ᠶᠢᠨ ᠶᠢᠨ ᠬᠤᠩ᠂ ᠡᠮᠡᠭᠲᠡᠢ᠂ 1996 ᠣᠨ ᠤ 7 | ᠰᠠᠷ᠎ᠠ ᠳᠤ ᠲᠥᠷᠥᠵᠡᠢ᠂ ᠳ᠋ᠣᠺᠲ᠋ᠣᠷᠠᠨᠲ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠰᠠᠯᠪᠤᠷᠢ ᠶᠢᠨ ᠲᠤᠰᠬᠠᠢ ᠲᠤᠰᠢᠶᠠᠯᠲᠤ ᠪᠠᠭᠰᠢ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠪᠠᠷ ᠪᠤᠢ᠃ ᠬᠤᠶᠠᠷ᠂ ᠵᠠᠷᠯᠠᠨ | ᠨᠡᠶᠢᠲᠡᠯᠡᠬᠦ ᠴᠠᠭ 2024 ᠣᠨ ᠤ 9 ᠰᠠᠷ᠎ᠠ ᠶᠢᠨ 11 ᠤ ᠡᠳᠦᠷ ᠠᠴᠠ 2024 ᠣᠨ ᠤ 9 ᠰᠠᠷ᠎ᠠ ᠶᠢᠨ 18 ᠤ ᠡᠳᠦᠷ ᠭᠤᠷᠪᠠ᠂ ᠬᠦᠯᠢᠶᠡᠨ ᠠᠪᠴᠤ | ᠰᠢᠢᠳᠪᠦᠷᠢᠯᠡᠬᠦ ᠬᠡᠯᠪᠡᠷᠢ ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠨᠠᠶᠢᠳᠠ ᠳᠤ | ᠵᠠᠷᠯᠠᠭᠰᠠᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠂ ᠪᠠᠶᠢᠳᠠᠯ ᠢ ᠲᠤᠰᠬᠠᠭᠰᠠᠨ ᠨᠢᠭᠡᠴᠢ ᠨᠢ ᠮᠠᠲ᠋ᠧᠷᠢᠶᠠᠯ | ᠳᠡᠭᠡᠷ᠎ᠡ ᠪᠠᠨ ᠨᠢᠭᠡᠴᠢ ᠶᠢᠨ ᠢᠶᠠᠨ ᠠᠯᠪᠠᠨ ᠲᠠᠮᠠᠭ᠎ᠠ ᠶᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ ᠪᠠᠨ | ᠬᠠᠩᠭᠠᠬᠤ ᠬᠡᠷᠡᠭᠲᠡᠶ᠃ ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 — 12᠄ 00᠂ ᠦᠳᠡ ᠶᠢᠨ ᠬᠤᠶᠢᠨ᠎ᠠ 14᠄ 30 — | 17᠄ 00 ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 — 6946229 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ 2024 ᠣᠨ ᠤ 9 ᠰᠠᠷ᠎ᠠ ᠶᠢᠨ 11 ᠤ ᠡᠳᠦᠷ |