︽ᠤᠮᠠᠷᠠᠲᠤ ᠬᠢᠯᠢ ᠶᠢ ᠣᠶᠢᠯᠠᠭᠠᠬᠤᠢ - ᠭᠦᠭᠡᠬᠤᠲᠠ ᠶᠢᠨ ᠠᠩᠬᠠᠳᠤᠭᠠᠷ ᠬᠤᠭᠤᠴᠠᠭᠠᠨ ᠤ ᠱᠤᠭᠤᠮᠠᠯ ᠤᠨ ᠪᠦᠲᠦᠭᠡᠯ ᠤᠨ ᠬᠤᠸᠠᠷᠠᠨ ᠪᠠ ᠭᠤᠣᠯ | ᠰᠡᠳᠦᠪᠲᠦ ᠱᠤᠭᠤᠮᠠᠯ ᠤᠨ ᠦᠵᠡᠭᠦᠯᠭᠡ︾ ᠣᠶᠢᠷ᠎ᠠ ᠳᠤ ᠭᠦᠭᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠳᠤ ᠶᠠᠪᠤᠭᠳᠠᠵᠤ᠂ ᠭᠦᠭᠡᠬᠤᠳᠠ ᠶᠢᠨ ᠰᠣᠶᠣᠯ | ᠤᠷᠠᠯᠢᠭ ᠤᠨ ᠪᠠᠶᠢᠭᠤᠯᠤᠯᠲᠠ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠦᠭᠰᠡᠨ ᠢᠶᠠᠷ ᠪᠠᠷᠠᠬᠤ ᠦᠭᠡᠢ ᠤᠮᠠᠷᠠᠲᠤ ᠬᠢᠯᠢ ᠶᠢᠨ ᠰᠣᠶᠣᠯ ᠤᠨ ᠰᠣᠳᠣᠨ ᠰᠠᠶᠢᠬᠠᠨ | ᠢ ᠤᠬᠠᠭᠤᠯᠤᠨ ᠳᠡᠯᠭᠡᠷᠡᠭᠦᠯᠪᠡ᠃ | ᠤᠮᠠᠷᠠᠲᠤ ᠬᠢᠯᠢ ᠶᠢᠨ ᠰᠣᠶᠣᠯ ᠢ ᠭᠦᠨᠵᠡᠭᠡᠢ ᠠᠭᠤᠳᠠᠯᠤᠨ ᠪᠠᠶᠠᠯᠢᠭᠵᠢᠭᠤᠯᠵᠤ᠂ ᠭᠦᠭᠡᠬᠤᠲᠠ ᠶᠢᠨ ᠰᠣᠶᠣᠯ ᠤᠷᠠᠯᠢᠭ ᠤᠨ ᠴᠢᠨᠠᠷ ᠲᠠᠰ ᠪᠠ ᠠᠭᠤᠯᠤᠭᠳᠠᠬᠤᠨ | ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠪᠠᠷ ᠵᠣᠷᠢᠯᠭ᠎ᠠ ᠪᠠᠨ ᠪᠤᠯᠭᠠᠬᠰᠠᠨ ᠡᠨᠡ ᠬᠦ ᠠᠵᠢᠯᠯᠠᠭ᠎ᠠ ᠶᠢᠨ ᠲᠤᠬᠠᠢ ᠶᠢᠨ ᠡᠳᠦᠷ᠂ ᠤᠯᠤᠰ ᠤᠨ ᠳᠣᠲᠣᠭᠠᠳᠤ ᠶᠢᠨ 6 ᠨᠠᠷᠠᠲᠤ | ᠱᠤᠭᠤᠮᠠᠯᠴᠢᠨ ᠣᠷᠳᠣᠨ ᠳᠤ ᠰᠠᠭᠤᠵᠤ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪ ᠤᠨ ᠲᠣᠭᠤᠷᠢᠨ ᠳᠤ ᠱᠤᠭᠤᠮᠠᠯ ᠱᠤᠭᠤᠵᠠᠢ᠃ ᠳᠡᠳᠡ ᠪᠠᠭᠰᠢ᠂ ᠠᠷᠠᠳ | ᠤᠨ ᠴᠠᠭᠳᠠᠭ᠎ᠠ᠂ ᠣᠷᠴᠢᠨ ᠲᠣᠭᠤᠷᠢᠨ ᠤ ᠠᠵᠢᠯᠴᠢᠨ᠂ ᠭᠠᠯ ᠤᠨᠲᠠᠷᠠᠭᠠᠭᠴᠢ᠂ ᠡᠮᠴᠢ ᠰᠤᠪᠢᠯᠠᠭᠴᠢ᠂ ᠰᠣᠶᠣᠯ ᠵᠢᠭᠤᠯᠴᠢᠯᠠᠯ ᠤᠨ ᠠᠵᠢᠯᠴᠢᠨ ᠵᠡᠷᠭᠡ 6 ᠠᠵᠢᠯ | ᠲᠥᠷᠥᠯ ᠤᠨ ᠰᠢᠯᠢᠳᠡᠭ ᠲᠥᠯᠥᠭᠡᠯᠡᠭᠴᠢᠳ ᠢᠶᠠᠷ ᠳᠦᠷᠢ ᠡᠰᠬᠡᠨ᠂ ︽ᠰᠢᠨ᠎ᠡ ᠴᠠᠭ ᠦᠶ᠎ᠡ ᠶᠢᠨ ᠵᠢᠱᠢᠶᠡᠴᠢ ᠬᠥᠮᠥᠰ︾ ᠢ ᠱᠤᠭᠤᠬᠤ ᠪᠠᠷ ᠳᠠᠮᠵᠢᠨ | ᠭᠦᠭᠡᠬᠤᠲᠠ ᠶᠢᠨ ᠰᠡᠳᠬᠢᠯ ᠬᠥᠳᠡᠯᠭᠡᠮ᠎ᠡ᠂ ᠤᠷᠮᠠᠰᠢᠭᠤᠯᠤᠨ ᠵᠣᠷᠢᠭᠵᠢᠭᠤᠯᠤᠭᠰᠠᠨ ᠥᠯᠢᠭᠡᠷ ᠢ ᠶᠠᠷᠢᠵᠠᠢ᠃ ᠡᠭᠦᠨ ᠠᠴᠠ ᠭᠠᠳᠠᠨ᠎ᠠ ᠠᠵᠢᠯᠯᠠᠭ᠎ᠠ ᠶᠢᠨ | ᠬᠤᠭᠤᠴᠠᠭᠠᠨ ᠳᠤ 60 ᠨᠠᠷᠢᠯᠢᠭ ᠰᠠᠶᠢᠬᠠᠨ ᠱᠤᠭᠤᠮᠠᠯ ᠤᠨ ᠤᠷᠠᠯᠢᠭ ᠤᠨ ᠪᠦᠲᠦᠭᠡᠯ ᠢ ᠭᠦᠭᠡᠬᠤᠲᠠ ᠶᠢᠨ ᠱᠤᠭᠤᠮᠠᠯ ᠤᠨ ᠤᠷᠠᠯᠢᠭ ᠤᠨ ᠬᠦᠷᠢᠶᠡᠯᠡᠩ ᠳᠤ ᠳᠡᠯᠭᠡᠨ | ᠦᠵᠡᠭᠦᠯᠵᠦ᠂ ᠬᠤᠳᠠ ᠶᠢᠨ ᠠᠷᠠᠳ᠂ ᠵᠢᠭᠤᠯᠴᠢᠯᠠᠬᠰᠠᠳ᠂ ᠵᠠᠯᠠᠭᠤᠴᠤᠳ ᠪᠠᠭᠠᠴᠤᠳ ᠲᠤ ᠰᠣᠶᠣᠯ ᠤᠨ ᠰᠢᠮ᠎ᠡ ᠬᠦᠷᠲᠡᠭᠡᠨ᠂ ᠱᠤᠭᠤᠮᠠᠯ ᠤᠨ ᠤᠷᠠᠯᠢᠭ ᠢ ᠨᠡᠩ | ᠤᠯᠠᠨ ᠬᠥᠮᠥᠨ ᠳᠤ ᠮᠡᠳᠡᠷᠡᠭᠦᠯᠦᠭᠰᠡᠨ ᠪᠠᠶᠢᠨ᠎ᠠ᠃ ᠭᠦᠭᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠨᠢ 2.5 ᠲᠦᠮᠡᠨ ᠲᠡᠭᠰᠢ ᠳᠥᠷᠪᠡᠯᠵᠢᠨ ᠮᠧᠳ᠋ᠷ | ᠳᠠᠯᠠᠪᠠᠢ ᠲᠠᠢ ᠪᠠᠶᠢᠵᠤ᠂ ᠪᠠᠶᠢᠭᠤᠯᠤᠭᠳᠠᠭᠰᠠᠨ ᠠᠴᠠ ᠨᠠᠭᠠᠰᠢ ᠤᠷᠢᠳ ᠬᠤᠵᠢᠳ ︽ᠭᠤᠣᠯ ᠰᠡᠳᠦᠪᠲᠦ ᠱᠤᠭᠤᠮᠠᠯ ᠤᠨ ᠦᠵᠡᠰᠭᠦᠯᠡᠩ︾᠂ ︽ᠰᠣᠶᠣᠯ ᠢᠷᠭᠡᠨᠰᠢᠯ | ᠤᠷᠠᠯᠢᠭ ᠤᠨ ᠴᠤᠭᠯᠠᠭᠠᠨ︾᠂ ︽ᠤᠷᠠᠯᠢᠭ ᠤᠨ ᠰᠠᠶᠢᠬᠠᠨ ᠤᠮᠠᠷᠠᠲᠤ ᠬᠢᠯᠢ ᠶᠢᠨ ᠶᠠᠷᠢᠶᠠᠨᠤ ᠲᠠᠪᠴᠠᠩ︾ ᠵᠡᠷᠭᠡ ᠡᠯ᠎ᠡ ᠵᠦᠢᠯ ᠤᠨ ᠠᠵᠢᠯᠯᠠᠭ᠎ᠠ ᠶᠢ 43 ᠲᠠᠯᠠᠪᠠᠶ | ᠤᠳᠠᠭ᠎ᠠ ᠡᠷᠭᠢᠯᠡᠵᠦ᠂ 420 ᠪᠦᠯᠭᠦᠮ ᠤᠨ 48.08 ᠲᠦᠮᠡᠨ ᠵᠢᠭᠤᠯᠴᠢᠯᠠᠭᠴᠢ ᠶᠢ ᠭᠥᠯᠢᠶᠡᠨ ᠠᠪᠴᠠᠢ᠃ |