ᠡᠪᠦᠯ ᠤᠨ ᠠᠮᠠᠷᠠᠯᠲᠠ ᠬᠦᠷᠴᠦ ᠢᠷᠡᠬᠦ ᠪᠠᠷ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠥᠩᠭᠡᠷᠡᠭᠦᠯᠬᠦ︾ ᠠᠵᠢᠯ ᠤᠨ ᠬᠠᠮᠲᠤᠷᠠᠭᠰᠠᠨ ᠬᠤᠷᠠᠯ ᠤᠨ | ᠲᠣᠭᠲᠠᠴᠠ ᠶᠢᠨ ᠠᠯᠪᠠᠨ ᠭᠡᠷ ᠮᠡᠳᠡᠭᠳᠡᠯ ᠪᠠᠭᠤᠯᠭᠠᠵᠤ᠂ ᠬᠢᠴᠢᠶᠡᠯ ᠲᠥᠷᠥᠯ ᠤᠨ ᠳᠠᠯᠳᠠ ᠣᠨᠳᠣᠣᠰᠢᠯ ᠪᠣᠯᠪᠠᠰᠤᠷᠠᠯ ᠢ ᠴᠢᠩᠭ᠎ᠠ ᠰᠡᠷᠭᠡᠶᠢᠯᠡᠨ ᠪᠠᠶᠢᠴᠠᠭᠠᠵᠤ᠂ | ᠬᠢᠴᠢᠶᠡᠯ ᠲᠦᠷᠦᠯ ᠤᠨ ᠪᠤᠰᠤ ᠪᠣᠯᠪᠠᠰᠤᠷᠠᠯ ᠤᠨ ᠠᠵᠢᠯᠯᠠᠭ᠎ᠠ ᠶᠢ ᠪᠦᠭᠦ ᠲᠠᠯ᠎ᠠ ᠪᠠᠷ ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠪᠠᠶᠠᠷ | ᠭᠦᠷ ᠲᠠᠢ ᠪᠠᠷ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠳᠤ ᠪᠠᠲᠤᠯᠠᠭ᠎ᠠ ᠬᠠᠩᠭᠠᠨ᠎ᠠ᠃ | ᠮᠡᠳᠡᠭᠳᠡᠯ ᠳᠤ᠂ ᠡᠯ᠎ᠡ ᠭᠠᠵᠠᠷ ᠤᠨ ᠬᠢᠨ ︽ᠬᠤᠶᠠᠷ ᠢ ᠬᠥᠩᠭᠡᠷᠡᠭᠦᠯᠬᠦ︾ ᠠᠵᠢᠯ ᠤᠨ ᠲᠤᠰᠬᠠᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠦᠨᠡᠨ ᠬᠦ | ᠰᠠᠶᠢᠲᠤᠷ ᠪᠠᠳᠠᠷᠠᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠵᠠᠰᠠᠯᠲᠠ ᠶᠢᠨ ᠠᠵᠢᠯ ᠢ ᠰᠠᠶᠢᠲᠤᠷ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠢ᠃ ᠬᠢᠴᠢᠶᠡᠯ ᠲᠥᠷᠥᠯ ᠤᠨ ᠳᠠᠯᠳᠠ ᠣᠨᠳᠣᠣᠰᠢᠯ ᠲᠣᠭᠲᠠᠭᠠᠯ ᠠᠴᠠ ᠵᠥᠷᠢᠴᠡᠭᠰᠡᠨ | ᠪᠣᠯᠪᠠᠰᠤᠷᠠᠯ ᠢ ᠴᠢᠩᠭ᠎ᠠ ᠪᠠᠶᠢᠴᠠᠭᠠᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠱᠠᠯᠠᠪᠳᠠᠨ | ᠲᠡᠭᠦᠯᠳᠡᠷᠵᠢᠭᠦᠯᠵᠦ᠂ ᠲᠤᠤᠷᠵᠢᠭᠤᠯᠤᠬᠰᠠᠨ ᠶᠡᠷᠦᠩᠬᠡᠶᠢᠯᠡᠨ ᠵᠠᠰᠠᠬᠤ ᠰᠢᠰᠲ᠋ᠧᠮ ᠢ ᠰᠠᠶᠢᠲᠤᠷ ᠬᠡᠷᠡᠭᠯᠡᠨ᠂ ︽ᠠᠳᠠᠯ ᠠᠬᠤᠢ ᠶᠢᠨ ᠦᠢᠯᠡᠴᠢᠯᠡᠭᠡ︾᠂ ︽ᠣᠯᠠᠭᠤᠯᠠ | ᠨᠡᠶᠢᠯᠡᠵᠦ ᠪᠠᠭᠰᠢ ᠤᠷᠢᠬᠤ︾᠂ ︽ᠵᠤᠭᠠᠴᠠᠨ ᠰᠤᠳᠤᠯᠤᠨ ᠰᠤᠷᠤᠯᠴᠠᠬᠤ︾᠂ ︽ᠡᠪᠦᠯ ᠤᠨ ᠵᠤᠰᠠᠯᠠᠩ︾ ᠵᠡᠷᠭᠡ ᠨᠡᠷ᠎ᠡ ᠪᠠᠷ ᠭᠡᠯᠪᠡᠷᠢ ᠶᠢ ᠨᠢ ᠥᠭᠡᠷᠡᠲᠦᠭᠦᠯᠦᠭᠰᠡᠨ | ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠤᠷᠠᠯᠢᠭ ᠤᠨ ᠰᠢᠯᠭᠠᠯᠲᠠ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ | ᠰᠤᠷᠭᠠᠭᠤᠯᠢ ᠡᠷᠭᠢᠯᠡᠭᠦ ᠦᠶ᠋ᠯᠡ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠤᠷᠠᠯᠢᠭ ᠤᠨ ᠰᠢᠯᠭᠠᠯᠲᠠ ᠶᠢᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠭᠦ ᠬᠢᠷᠢ | ᠭᠡᠮ ᠢ ᠪᠦᠭᠦ ᠲᠠᠯ᠎ᠠ ᠪᠠᠷ ᠬᠢᠨᠠᠨ ᠪᠠᠶᠢᠴᠠᠭᠠᠵᠤ᠂ ᠤᠷᠠᠯᠢᠭ ᠤᠨ ᠰᠢᠯᠭᠠᠯᠲᠠ ᠶᠢᠨ ᠪᠠᠶᠢᠭᠤᠯᠤᠮᠵᠢ ᠶᠢᠨ ᠪᠣᠯᠪᠠᠰᠤᠷᠠᠯ ᠳᠤ ᠵᠥᠪᠭᠡᠨ ᠲᠤᠰᠬᠠᠢ ᠮᠡᠷᠭᠡᠵᠢᠯ ᠤᠨ ᠪᠣᠯᠪᠠᠰᠤᠷᠠᠯ | ᠥᠷᠨᠢᠭᠦᠯᠵᠦ᠂ ᠬᠢᠴᠢᠶᠡᠯ ᠲᠥᠷᠥᠯ ᠤᠨ ᠪᠣᠯᠪᠠᠰᠤᠷᠠᠯ ᠥᠷᠨᠢᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠲᠤ | ᠬᠠᠨᠳᠤᠭᠤᠯᠤᠭᠰᠠᠨ ᠪᠣᠯᠪᠠᠰᠤᠷᠠᠯ ᠥᠷᠨᠢᠭᠦᠯᠬᠦ ᠪᠠᠶᠢᠭᠤᠯᠤᠮᠵᠢ ᠪᠦᠭᠦᠨ ᠢ ᠪᠦᠭᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ | ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠬᠠᠮᠢᠶᠠᠷᠤᠯᠲᠠ ᠳᠤ ᠣᠷᠣᠭᠤᠯᠵᠤ᠂ ᠭᠡᠷ ᠤᠨ ᠠᠬᠠᠮᠠᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠪᠦᠭᠦ ᠣᠷᠣᠨ ᠤ ᠡᠯ᠎ᠡ ᠭᠠᠵᠠᠷ ᠤᠨ ᠬᠢᠨ ᠡᠪᠦᠯ ᠤᠨ ᠠᠮᠠᠷᠠᠯᠲᠠ ᠶᠢᠨ ᠠᠵᠠ ᠲᠣᠭᠢᠶᠠᠯ ᠢ ᠭᠦᠢᠴᠡᠳ ᠠᠰᠢᠭᠯᠠᠨ᠂ ᠨᠡᠶᠢᠭᠡᠮ ᠳᠠᠶᠠᠭᠠᠷ ᠲᠤ ᠰᠢᠨᠵᠢᠯᠡᠬᠦ | ᠤᠬᠠᠭᠠᠨᠴᠢ ᠴᠢᠳᠠᠪᠤᠷᠢᠲᠠᠨ ᠤ ᠦᠵᠡᠯᠲᠡ᠂ ᠰᠤᠷᠭᠠᠨ ᠬᠥᠮᠦᠵᠢᠯ ᠤᠨ ᠦᠵᠡᠯᠲᠡ ᠶᠢ ᠥᠷᠭᠡᠨ ᠢᠶᠠᠷ ᠤᠬᠠᠭᠤᠯᠵᠤ᠂ ᠭᠡᠷ ᠤᠨ ᠠᠬᠠᠮᠠᠳ ᠢ ᠵᠥᠪ ᠢᠶᠠᠷ ᠬᠥᠲᠥᠯᠥᠨ | ᠵᠢᠯᠤᠭᠤᠳᠴᠤ᠂ ᠰᠣᠬᠤᠷ ᠪᠠᠯᠠᠢ ᠪᠠᠷ ᠪᠤᠰᠤᠳ ᠢ ᠳᠠᠭᠠᠬᠤ ᠦᠭᠡᠢ ᠪᠠᠶᠢᠯᠭᠠᠬᠤ ᠬᠡᠷᠡᠭᠲᠡᠢ᠃ ᠡᠯ᠎ᠡ ᠭᠠᠵᠠᠷ ᠤᠨ ᠬᠢᠨ ᠡᠯᠪᠡᠭ ᠪᠠᠶᠠᠯᠢᠭ ᠤᠳᠬ᠎ᠠ ᠠᠭᠤᠯᠭ᠎ᠠ ᠲᠠᠢ | ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠭᠡᠮ ᠤᠨ ᠦᠢᠯᠡᠳᠦᠯᠭᠡ᠂ ᠰᠣᠶᠣᠯ ᠤᠨ ᠤᠯᠠᠮᠵᠢᠯᠠᠯ ᠵᠠᠯᠭᠠᠮᠵᠢᠯᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠬᠦ ᠪᠠᠷ ᠳᠠᠮᠵᠢᠭᠤᠯᠤᠨ᠂ ᠰᠤᠷᠤᠬᠴᠢᠳ ᠢ ᠡᠬᠡ ᠪᠠᠶᠢᠭᠠᠯᠢ ᠲᠠᠢ ᠣᠶᠢᠷᠠᠲᠤᠭᠤᠯᠵᠤ᠂ ᠲᠥᠷᠥᠯ ᠰᠠᠳᠤᠨ ᠤ ᠬᠠᠶᠢᠷ᠎ᠠ ᠬᠠᠯᠠᠮᠵᠢ ᠶᠢ ᠣᠶᠢᠯᠠᠭᠠᠭᠤᠯᠤᠨ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠶᠢᠨ ᠬᠠᠮᠲᠤ ᠲᠣᠰ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ | ᠮᠦᠽᠧᠢ᠂ ᠰᠤᠳᠤᠯᠤᠨ ᠰᠤᠷᠤᠯᠴᠠᠬᠤ ᠰᠠᠭᠤᠷᠢᠨ ᠵᠡᠷᠭᠡ ᠶᠢ ᠢᠳᠡᠪᠬᠢᠲᠡᠢ ᠨᠢᠭᠡᠳᠦᠯᠲᠡᠢ ᠲᠥᠯᠥᠪᠯᠡᠨ ᠳᠠᠶᠢᠴᠢᠯᠠᠵᠤ᠂ ᠰᠢᠨᠵᠢᠯᠡᠬᠦ ᠤᠬᠠᠭᠠᠴᠢ ᠬᠥᠮᠦᠵᠢᠯ ᠢ ᠰᠠᠶᠢᠲᠤᠷ | ᠰᠦᠪᠡᠭᠴᠢᠯᠡᠵᠦ᠂ ᠡᠴᠢᠭᠡ ᠡᠬᠡ ᠦᠷ᠎ᠡ ᠬᠡᠦᠬᠡᠳ ᠤᠨ ᠬᠠᠷᠢᠯᠴᠠᠭ᠎ᠠ ᠰᠣᠯᠢᠯᠴᠠᠭ᠎ᠠ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠰᠢᠨᠵᠢᠯᠡᠬᠦ | ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠳᠤ ᠲᠠᠪᠴᠠᠩ ᠬᠠᠩᠭᠠᠬᠤ ᠬᠡᠷᠡᠭᠲᠡᠢ ᠭᠡᠵᠦ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠶᠠᠷᠢᠵᠤ ᠪᠠᠶᠢᠯ᠎ᠠ᠃ |