ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠤᠬᠠᠭᠤᠯᠭ᠎ᠠ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/11
        12 ᠰᠠᠷ᠎ᠠ ᠶᠢᠨ 5 ᠤ ᠡᠳᠦᠷ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠤᠬᠠᠭᠤᠯᠭ᠎ᠠ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯ ᠤᠨ ᠲᠤᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠨ ᠯᠢ ᡁᠢ ᠬᠤᠷᠠᠯ ᠳᠤ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠸᠧᠢ ᠬᠤᠷᠠᠯ ᠢ ᠡᠷᠭᠢᠯᠡᠪᠡ᠃ 
2024-12-11-2.jpg
              ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠳᠣᠲᠣᠭᠠᠳᠤ ᠤᠬᠠᠭᠤᠯᠭ᠎ᠠ ᠭᠠᠳᠠᠭᠠᠳᠤ ᠤᠬᠠᠭᠤᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠬᠦᠴᠦ ᠪᠠᠨ ᠲᠥᠪᠯᠡᠷᠡᠭᠦᠯᠵᠦ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠬᠠᠯᠠᠮᠰᠢᠯ ᠢ ᠪᠦᠬᠦ ᠬᠦᠴᠦᠨ ᠢᠶᠠᠷ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠭᠤᠣᠯ ᠰᠡᠳᠦᠪ ᠭᠤᠣᠯ ᠰᠢᠵᠢᠮ ᠢ ᠳᠣᠪᠤᠶᠢᠯᠭᠠᠵᠤ᠂ ᠣᠯᠠᠨ ᠬᠠᠷᠠᠭᠠᠰᠤ᠂ ᠣᠯᠠᠨ ᠲᠠᠰ ᠳᠠᠪᠬᠤᠷᠭ᠎ᠠ ᠪᠠᠷ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠥᠯᠥᠨ ᠪᠤᠶᠢᠷ ᠤᠨ ᠨᠡᠷ᠎ᠡ ᠠᠯᠳᠠᠷᠰᠢᠯ᠂ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠦᠷᠭᠦᠯᠵᠢᠯᠡᠨ ᠥᠷᠭᠡᠳᠬᠡᠬᠦ ᠳᠤ ᠲᠠᠰᠤᠷᠠᠯᠲᠠ ᠦᠭᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠳᠡᠭᠡᠷ᠎ᠡ᠂ ᠬᠤᠯᠪᠣᠭᠳᠠᠯ ᠪᠦᠬᠦᠢ ᠨᠢᠭᠡᠴᠡ ᠠᠴᠠ ᠪᠥᠬᠦ ᠬᠤᠲᠠ ᠶᠢᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ᠂ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠤᠨ ᠪᠠᠶᠢᠳᠠᠯ ᠪᠠ ᠤᠬᠠᠭᠤᠯᠤᠨ ᠲᠥᠰᠥᠪᠯᠡᠬᠦ ᠲᠣᠬᠢᠷᠠᠭᠤᠯᠤᠯᠲᠠ ᠶᠢ ᠬᠠᠷᠢᠭᠤ ᠮᠡᠳᠡᠭᠦᠯᠵᠦ᠂ ᠬᠡᠰᠡᠭ ᠬᠤᠰᠢᠭᠤ ᠬᠤᠲᠠ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯ ᠤᠨ ᠲᠣᠭᠤᠷᠢᠨ ᠳᠤ ᠦᠭᠡ ᠬᠡᠯᠡᠪᠡ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ