ᠸᠠᠩ ᠸᠠᠩ ᠱᠧᠩ ᠵᠢᠢ ᠶᠦᠩ ᠴᠢᠶᠠᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠤᠨ ᠪᠠᠶᠢᠳᠠᠯ ᠪᠣᠯᠣᠨ ᠪᠦᠬᠦ ᠬᠤᠳᠠ ᠶᠢᠨ ᠡᠪᠦᠯ ᠤᠨ ᠤᠯᠠᠷᠢᠯ ᠤᠨ ᠵᠤᠭᠠᠴᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/11
        ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠣᠶᠢᠷ᠎ᠠ ᠶᠢᠨ ᠬᠤᠭᠤᠴᠠᠭᠠᠨ ᠳᠤ ᠬᠥᠯᠥᠨ ᠪᠤᠶᠢᠷ ᠬᠤᠳᠠ ᠳᠤ ᠶᠠᠪᠤᠭᠳᠠᠨ᠎ᠠ᠂ 12 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠢᠢ ᠶᠦᠩ ᠴᠢᠶᠠᠨ ᠨᠠᠷ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ᠂ ᠪᠦᠬᠦ ᠬᠤᠳᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠵᠢᠴᠢ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ 
2024-12-11-3.jpg
               ᠸᠠᠩ ᠸᠠᠩ ᠱᠧᠩ ᠬᠥᠯᠥᠨ ᠪᠤᠶᠢᠷ ᠬᠤᠳᠠ ᠶᠢᠨ ᠬᠡᠭᠡᠷᠡᠯᠡᠭᠴᠢ ᠴᠡᠨᠡᠯᠡᠯᠳᠡ ᠶᠢᠨ ᠤᠷᠤᠯᠳᠤᠭᠠᠨ ᠤ ᠵᠠᠮ ᠪᠣᠯᠣᠨ ᠬᠥᠯᠥᠨ ᠪᠤᠶᠢᠷ ᠬᠤᠳᠠ ᠶᠢᠨ ᠢᠮᠢᠨ ᠭᠤᠣᠯ ᠤᠨ ᠮᠥᠰᠥ ᠴᠠᠰᠤᠨ ᠤ ᠬᠠᠴᠢᠨ ᠤᠴᠠᠷᠠᠯ ᠤᠨ ᠴᠡᠩᠭᠡᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ᠂ ᠲᠠᠯᠠᠪᠤᠷ ᠤᠨ ᠪᠠᠶᠢᠷᠢᠯᠠᠭᠤᠯᠤᠯᠲᠠ ᠪᠣᠯᠣᠨ ᠵᠠᠮ ᠱᠤᠭᠤᠮ ᠤᠨ ᠲᠥᠯᠦᠪᠵᠢᠭᠦᠯᠭᠡ ᠶᠢ ᠣᠶᠢᠯᠠᠭᠠᠵᠤ᠂ ᠵᠠᠮ ᠳᠠᠭᠠᠤ ᠦᠵᠡᠮᠵᠢ ᠶᠢᠨ ᠳᠡᠭᠡᠭᠰᠢᠯᠡᠯᠲᠡ ᠶᠢᠨ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ  ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠮᠥᠰᠥ ᠴᠠᠰᠤᠨ ᠤ ᠤᠯᠠᠷᠢᠯ ᠤᠨ ᠪᠡᠯᠡᠳᠬᠡᠯ ᠠᠵᠢᠯ ᠤᠷᠤᠭᠰᠢᠲᠠᠢ ᠶᠠᠪᠤᠭᠳᠠᠵᠤ᠂ ᠨᠢᠭᠡᠨᠲᠡ ᠬᠠᠮᠤᠭ ᠡᠴᠦᠰ ᠤᠨ ᠵᠠᠩᠭᠢᠯᠠᠭ᠎ᠠ ᠶᠢᠨ ᠱᠠᠲᠤᠨ ᠳᠤ ᠣᠷᠣᠪᠠ᠂ ᠵᠠᠯᠭᠠᠭᠠᠳ ᠨᠠᠷᠢᠨ ᠵᠦᠢᠯᠡᠰ ᠢ ᠠᠩᠬᠠᠷᠴᠤ᠂ ᠦᠢᠯᠡᠴᠢᠯᠡᠭᠡ ᠪᠠᠲᠤᠯᠠᠭ᠎ᠠ᠂ ᠠᠭᠤᠷ ᠠᠮᠢᠰᠬᠤᠯ ᠢ ᠪᠣᠶ ᠪᠣᠯᠭᠠᠬᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠵᠡᠷᠭᠡ ᠡᠯ᠎ᠡ ᠭᠤᠭᠴᠤᠭ᠎ᠠ ᠶᠢ ᠳᠠᠬᠢᠨ ᠡᠮᠬᠢᠯᠡᠨ ᠲᠡᠭᠦᠯᠳᠡᠷᠵᠢᠭᠦᠯᠵᠦ᠂ ᠪᠥᠬᠦ ᠬᠦᠴᠦᠨ ᠢᠶᠠᠷ ᠢᠶᠠᠨ ᠠᠵᠢᠯᠯᠠᠭ᠎ᠠ ᠶᠢ ᠭᠤᠶᠢᠳᠠ ᠰᠠᠶᠢᠬᠠᠨ ᠡᠷᠭᠢᠯᠡᠬᠦ ᠬᠡᠷᠡᠭᠲᠡᠢ᠃ ᠥᠪᠡᠷᠮᠢᠴᠡ ᠣᠨᠴᠠᠯᠢᠭ ᠲᠠᠢ᠂ ᠬᠡᠪᠰᠢᠭᠰᠡᠨ ᠣᠯᠠᠨ ᠲᠦᠮᠡᠨᠴᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠠᠯᠠᠪᠤᠷ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠬᠤᠲᠠ ᠶᠢᠨ ᠠᠷᠠᠳ ᠪᠣᠯᠣᠨ ᠵᠤᠭᠠᠴᠠᠭᠰᠠᠳ ᠤᠨ ᠰᠡᠯᠡᠭᠦᠴᠡᠯ ᠤᠨ ᠬᠥᠳᠡᠯᠭᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠰᠣᠶᠣᠯ ᠵᠢᠭᠤᠯᠴᠢᠯᠠᠯ ᠤᠨ ᠴᠤᠭᠯᠠᠷᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠣᠰ ᠪᠡᠶ᠎ᠡ ᠶᠢᠨ ᠳᠠᠯᠳᠠ ᠬᠦᠴᠦᠨ ᠢᠶᠠᠨ ᠠᠭᠤᠳᠠᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠣᠷᠣᠯᠴᠠᠭᠤᠯᠵᠤ᠂ ︽ᠡᠪᠦᠯ ᠤᠨ ᠤᠯᠠᠷᠢᠯ ᠤᠨ ᠪᠠᠭᠠᠲᠤᠷ ᠵᠤᠷᠢᠭᠲᠠᠳ ᠤᠨ ᠬᠤᠷᠠᠯ︾ ᠵᠡᠷᠭᠡ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠠᠵᠢᠯᠯᠠᠭ᠎ᠠ ᠳᠤ ᠲᠦᠰᠢᠭᠯᠡᠨ᠂ ᠨᠠᠩ ᠣᠯᠠᠨ ᠡᠵᠡᠩᠨᠡᠯᠲᠡ ᠶᠢᠨ ᠬᠡᠯᠪᠡᠷᠢ ᠶᠢᠨ ᠵᠠᠭᠪᠤᠷ ᠢ ᠪᠣᠶᠢᠵᠢᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠥᠷᠨᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
2024-12-11-3(2).jpg
               ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠪᠣᠯᠣᠨ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠰᠤᠷᠭᠠᠭᠤᠯᠢ ᠳᠤ ᠬᠦᠷᠴᠦ᠂ ᠸᠠᠩ ᠸᠠᠩ ᠱᠧᠩ ᠮᠥᠰᠥ ᠴᠠᠰᠤᠨ ᠤ ᠲᠠᠯᠠᠪᠤᠷ ᠣᠷᠳᠣᠨ ᠤ ᠪᠦᠯᠦᠭᠵᠢᠯ ᠤᠨ ᠴᠣᠭᠴᠠᠯᠠᠯᠲᠠ ᠶᠢᠨ ᠪᠠᠶᠢᠳᠠᠯ ᠢ ᠰᠣᠨᠣᠰᠪᠠ᠃ ᠲᠡᠷᠡ᠂ ᠬᠡᠯᠪᠡᠷᠢᠵᠢᠭᠰᠡᠨ ᠢᠵᠢ ᠪᠦᠷᠢᠳᠦᠭᠰᠡᠨ ᠲᠠᠯᠠᠪᠠᠢ ᠣᠷᠳᠣᠨ ᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠪᠦᠬᠦ ᠬᠡᠯᠬᠢᠶᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠮᠥᠰᠥ ᠴᠠᠰᠤᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠨᠢ ᠨᠡᠭᠡᠭᠡᠯᠲᠡᠲᠤ ᠮᠠᠶ᠋ᠢᠭ ᠤᠨ ᠰᠤᠷᠭᠠᠭᠤᠯᠢ ᠡᠷᠭᠢᠯᠡᠬᠦ ᠵᠠᠭᠪᠤᠷ ᠢ ᠲᠤᠷᠰᠢᠵᠤ᠂ ᠬᠤᠲᠠ ᠶᠢᠨ ᠬᠡᠪᠴᠢᠶᠡᠨ ᠳᠠᠬᠢ ᠡᠯ᠎ᠡ ᠲᠥᠷᠥᠯ ᠤᠨ ᠰᠤᠷᠭᠠᠭᠤᠯᠢ ᠯᠤᠭ᠎ᠠ ᠬᠤᠯᠪᠤᠭᠠᠯᠠᠨ ᠬᠥᠳᠡᠯᠦᠯᠴᠡᠵᠦ ᠬᠠᠮᠲᠤᠷᠠᠯᠴᠠᠬᠤ ᠪᠠᠨ ᠴᠢᠩᠭᠠᠳᠬᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠷ᠎ᠠ ᠪᠠᠬ᠎ᠠ ᠪᠠ ᠳᠤᠷ᠎ᠠ ᠰᠣᠨᠢᠷᠬᠠᠯ ᠢ ᠬᠥᠮᠥᠵᠢᠭᠦᠯᠦᠨ᠎ᠡ ᠭᠡᠵᠡᠢ᠃ 
2024-12-11-3(3).jpg
        ᠬᠥᠯᠥᠨ ᠪᠤᠶᠢᠷ ᠤᠨ ᠦᠨᠳᠦᠰᠦᠲᠡᠨ ᠤ ᠮᠦᠽᠧᠢ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠠᠭᠤᠳᠠᠮ ᠲᠠᠯᠠᠪᠠᠢ ᠳᠤ᠂ ᠸᠠᠩ ᠸᠠᠩ ᠱᠧᠩ᠂ ᠭᠤᠣᠯ ᠰᠢᠵᠢᠮ ᠢ ᠲᠤᠭᠤᠰᠢᠯᠠᠭᠤᠯᠬᠤ ᠱᠠᠭᠠᠷᠳᠠᠯᠭ᠎ᠠ ᠶᠢ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ ᠪᠣᠯᠣᠨ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠳᠤ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠦᠨᠵᠡᠭᠡᠢ ᠠᠭᠤᠯᠤᠭᠳᠠᠬᠤᠨ ᠢ ᠣᠶᠢᠯᠠᠭᠠᠭᠤᠯᠬᠤ ᠬᠡᠷᠡᠭᠲᠡᠢ ᠭᠡᠪᠡ᠃        ᠵᠢᠢ ᠶᠦᠩ ᠴᠢᠶᠠᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠲᠣᠬᠢᠷᠠᠭᠤᠯᠤᠯᠲᠠ ᠬᠢᠵᠦ᠂ ᠬᠤᠲᠠ ᠶᠢᠨ ᠤᠳᠤᠷᠢᠳᠤᠯᠭ᠎ᠠ ᠬᠤ᠋ ᠵᠣᠣ ᠮᠢᠨ᠂ ᠸᠠᠩ ᠮᠧᠩ᠂ ᠮᠠ ᠶᠤᠸᠠᠢ ᠳ᠋ᠦᠩ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ