ᠣᠷᠳᠣᠰ ᠬᠤᠳᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠰᠢᠨ᠎ᠡ ᠠᠷᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2024/12/11
        ᠣᠷᠳᠣᠰ ᠬᠤᠲᠠ ᠶᠢᠨ ᠭᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠣᠶᠢᠷ᠎ᠠ ᠳᠤ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠵᠢᠯ ᠲᠥᠷᠥᠯ ᠤᠨ ᠰᠦᠯᠵᠢᠶᠡᠨ ᠤ ᠦᠢᠯᠡᠴᠢᠯᠡᠭᠡᠨ ᠤ ᠥᠷᠲᠡᠭᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠲᠥᠰᠥᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠵᠢᠯ ᠲᠥᠷᠥᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠲᠣᠭᠤᠷᠢᠨ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠣᠭᠲᠠᠭᠠᠯ ᠢ ᠵᠥᠷᠢᠴᠡᠨ ᠪᠠᠶᠢᠴᠠᠭᠠᠨ ᠰᠢᠢᠳᠪᠦᠷᠢᠯᠡᠬᠦ ᠵᠡᠷᠭᠡ ᠳᠦᠷᠢᠮ ᠤᠨ ᠪᠠᠶᠢᠭᠤᠯᠤᠯᠲᠠ ᠶᠢ ᠰᠢᠨ᠎ᠡ ᠶᠢ ᠡᠭᠦᠳᠬᠦ ᠴᠢᠨᠠᠷᠲᠠᠢ ᠠᠬᠢᠭᠤᠯᠵᠤ᠂ ᠠᠵᠢᠯ ᠲᠥᠷᠥᠯ ᠤᠨ ᠡᠮᠬᠢ ᠵᠢᠷᠤᠮ ᠢ ᠬᠦᠴᠦᠯᠡᠨ ᠵᠢᠷᠤᠮᠵᠢᠭᠤᠯᠪᠠ᠃        ︽ᠲᠥᠰᠥᠯ︾ ᠳᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠲᠣᠥᠷᠵᠢᠭᠤᠯᠤᠬᠰᠠᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠵᠢᠯ ᠲᠥᠷᠥᠯ ᠤᠨ ᠲᠣᠥᠷᠵᠢᠭᠤᠯᠤᠬᠰᠠᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠣᠷᠣᠨ ᠪᠦᠰᠡ ᠶᠢᠨ ᠪᠠᠶᠢᠷᠢᠰᠢᠯ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠲᠠᠷᠬᠠᠯᠲᠠ ᠶᠢᠨ ᠣᠨᠴᠠᠯᠢᠭ ᠢ ᠦᠨᠳᠦᠰᠦᠯᠡᠨ᠂ ᠬᠠᠮᠢᠶᠠᠷᠤᠯᠲᠠ ᠶᠢᠨ ᠲᠣᠣᠷ ᠤᠨ ᠪᠦᠷᠢᠯᠳᠦᠭᠦᠨ ᠪᠠ ᠲᠤᠭ᠎ᠠ ᠬᠡᠮᠵᠢᠶ᠎ᠡ ᠶᠢ ᠬᠤᠪᠢᠶᠠᠷᠢᠯᠠᠵᠤ᠂ ᠬᠠᠮᠢᠶᠠᠷᠤᠯᠲᠠ ᠶᠢ ᠨᠠᠷᠢᠯᠢᠭᠵᠢᠭᠤᠯᠬᠤ ᠪᠠ ᠪᠦᠭᠦᠨ ᠢ ᠬᠠᠮᠤᠷᠬᠤ ᠶᠢ ᠦᠨᠡᠨ ᠬᠦ ᠪᠠᠲᠤᠯᠠᠨ᠎ᠠ ᠭᠡᠵᠦ ᠲᠣᠳᠣᠷᠬᠠᠶᠢᠯᠠᠪᠠ᠃        ︽ᠲᠥᠰᠥᠯ︾ ᠳᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠪᠤᠯᠭᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠨᠢᠭᠡᠳᠦᠯᠲᠡᠢ ᠲᠥᠯᠥᠪᠵᠢᠭᠦᠯᠬᠦ ᠶᠢ ᠬᠠᠷᠢᠭᠤᠴᠠᠵᠤ᠂ ᠲᠤᠰᠢᠶᠠᠯ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠪᠣᠳᠠᠲᠠᠢ ᠬᠡᠷᠡᠭᠵᠢᠭᠦᠯᠬᠦ ᠪᠠ ᠲᠤᠬᠠᠢ ᠶᠢᠨ ᠲᠠᠯᠠᠪᠤᠷ ᠲᠤ ᠱᠠᠯᠠᠪᠳᠠᠭᠤᠯᠤᠨ ᠵᠢᠯᠤᠭᠤᠳᠬᠤ ᠶᠢ ᠬᠠᠷᠢᠭᠤᠴᠠᠵᠤ᠂ ᠬᠠᠷᠢᠭᠤᠴᠠᠯᠭ᠎ᠠ ᠲᠣᠳᠣᠷᠬᠠᠢ ᠦᠭᠡᠢ ᠪᠠᠶᠢᠬᠤ ᠠᠴᠠ ᠵᠠᠶᠢᠯᠠᠰᠬᠢᠵᠦ᠂ ᠬᠠᠷᠢᠯᠴᠠᠨ ᠲᠦᠯᠬᠢᠯᠴᠡᠬᠦ ᠶᠢ ᠲᠠᠰᠤ ᠬᠤᠷᠢᠭᠯᠠᠵᠤ᠂ ︽ᠬᠠᠮᠢᠶᠠᠷᠬᠤ ᠬᠥᠮᠥᠨ ᠲᠠᠢ᠂ ᠪᠠᠶᠢᠴᠠᠭᠠᠬᠤ ᠬᠥᠮᠥᠨ ᠲᠠᠢ᠂ ᠲᠣᠭᠤᠷᠢᠨ ᠪᠠᠶᠢᠴᠠᠭᠠᠬᠤ ᠬᠥᠮᠥᠨ ᠲᠠᠢ᠂ ᠬᠠᠮᠢᠶᠠᠷᠴᠤ ᠳᠡᠶᠢᠯᠭᠦ᠂ ᠰᠠᠶᠢᠲᠤᠷ ᠬᠠᠮᠢᠶᠠᠷᠬᠤ︾ ᠶᠢ ᠦᠨᠡᠨ ᠬᠦ ᠪᠠᠲᠤᠯᠠᠨ᠎ᠠ ᠭᠡᠵᠦ ᠲᠣᠳᠣᠷᠬᠠᠢ ᠲᠣᠭᠲᠠᠭᠠᠪᠠ᠃ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠵᠢᠭᠠᠨ ᠰᠤᠷᠭᠠᠯᠲᠠ ᠶᠢᠨ ᠠᠭᠤᠯᠭ᠎ᠠ᠂ ᠪᠠᠭᠰᠢ ᠶᠢᠨ ᠬᠦᠴᠦᠨ᠂ ᠤᠷᠢᠳᠴᠢᠯᠠᠨ ᠰᠦᠢᠳᠬᠡᠯ ᠬᠤᠷᠢᠶᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠷ ᠭᠤᠣᠯᠳᠠᠯᠭ᠎ᠠ ᠪᠤᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠳᠤᠤᠷᠵᠢᠭᠤᠯᠤᠬᠰᠠᠨ ᠬᠠᠮᠢᠶᠠᠷᠤᠯᠲᠠ ᠶᠢᠨ ᠳᠣᠲᠣᠷᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠵᠤ᠂ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠤᠨ ᠠᠰᠠᠭᠤᠳᠠᠯ ᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃        ︽ᠲᠥᠰᠥᠯ︾ ᠳᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠰᠣᠷᠣᠬᠴᠢ ᠪᠣᠯᠣᠨ ᠭᠡᠷ ᠤᠨ ᠠᠬᠠᠮᠠᠳ ᠲᠤ ᠪᠣᠯᠪᠠᠰᠤᠷᠠᠯ ᠤᠨ ᠪᠠᠶᠢᠭᠤᠯᠤᠮᠵᠢ ᠶᠢ ᠣᠶᠢᠯᠠᠭᠠᠵᠤ ᠦᠨᠡᠯᠡᠬᠦ ᠠᠷᠭ᠎ᠠ ᠵᠠᠮ ᠢ ᠬᠠᠩᠭᠠᠨ ᠥᠭᠴᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠯᠡᠨ ᠵᠢᠱᠢᠭᠰᠡᠨ ᠦᠷ᠎ᠡ ᠳ᠋ᠦᠩ᠂ ᠵᠠᠭᠠᠯᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠨ᠂ ᠠᠰᠠᠭᠤᠳᠠᠯ ᠢ ᠡᠷᠢᠵᠦ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠪᠦᠭᠦ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠦᠨᠡᠯᠡᠨ ᠵᠢᠱᠢᠬᠦ ᠳᠤ ᠣᠷᠤᠯᠴᠠᠬᠤ ᠶᠢ ᠠᠬᠢᠭᠤᠯᠤᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠴᠢᠨᠠᠷ ᠰᠠᠶᠢᠲᠠᠢ᠂ ᠠᠮᠤᠷ ᠲᠦᠪᠰᠢᠨ ᠣᠷᠴᠢᠨ ᠲᠣᠭᠤᠷᠢᠨ ᠢ ᠪᠤᠶ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ