7 ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠤᠯᠲᠠ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2024/12/15
        ᠳᠣᠯᠣᠳᠤᠭᠠᠷ ᠪᠦᠯᠦᠭ ᠣᠷᠣᠯᠳᠣᠭᠠᠨ ᠤ ᠳᠦᠷᠦᠯ ᠵᠦᠢᠯ ᠤᠨ ᠰᠡᠳᠦᠪ ᠲᠣᠭᠲᠠᠭᠠᠯᠲᠠ        ᠬᠤᠷᠢᠳᠤᠭᠠᠷ ᠵᠤᠷᠪᠤᠰ ᠫᠤᠤᠵᠢᠩ᠂ ᠮᠣᠳᠣᠨ ᠪᠥᠮᠪᠦᠭᠡ᠂ ᠲᠡᠪᠡᠭ᠂ ᠯᠤᠤᠲᠤ ᠣᠩᠭᠤᠴᠠ᠂ ᠳᠡᠭᠦᠵᠢᠩ᠂ ᠭᠠᠭᠴᠠ ᠬᠤᠯᠤᠰᠤᠨ ᠤ ᠬᠦᠪᠪᠣᠯᠳᠠ ᠶᠢᠨ ᠣᠷᠣᠯᠳᠣᠭᠠᠨ᠂ ᠬᠤᠯᠬᠤᠪᠴᠢ ᠨᠤᠮᠤ᠂ ᠲᠣᠭᠤᠷᠢᠭᠤᠯ᠂ ᠵᠢᠳᠬᠦᠯᠭᠡ  ᠶᠢᠨ ᠣᠷᠣᠯᠳᠣᠭᠠᠨ᠂ ᠮᠣᠳᠣᠨ ᠬᠥᠯ ᠭᠢᠰᠬᠢᠬᠦ ᠣᠷᠣᠯᠳᠣᠭᠠᠨ᠂ ᠬᠠᠪᠲᠠᠰᠤᠨ ᠱᠠᠬᠠᠢ ᠶᠢᠨ ᠣᠷᠣᠯᠳᠣᠭᠠᠨ᠂ ᠦᠨᠳᠦᠰᠦᠲᠡᠨ ᠤ ᠦᠱᠦ᠂ ᠦᠨᠳᠦᠰᠦᠲᠡᠨ ᠤ ᠪᠦᠬᠡ᠂ ᠦᠨᠳᠦᠰᠦᠲᠡᠨ ᠤ ᠮᠣᠷᠢᠨ ᠮᠡᠷᠭᠡᠵᠢᠯ᠂ ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ 17 ᠳᠦᠷᠦᠯ ᠵᠦᠢᠯ ᠢ ᠨᠢᠭᠡᠨᠲᠡ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠣᠯᠳᠣᠭᠠᠨ ᠤ ᠳᠦᠷᠦᠯ ᠵᠦᠢᠯ ᠤᠨ ᠪᠠᠶᠢᠩᠭᠤ ᠶᠢᠨ ᠳᠦᠷᠦᠯ ᠵᠦᠢᠯ ᠢᠶᠠᠷ ᠲᠣᠭᠲᠠᠭᠠᠭᠰᠠᠨ ᠪᠠᠶᠢᠨ᠎ᠠ᠃ ᠰᠡᠳᠦᠪ ᠲᠣᠭᠲᠠᠭᠠᠬᠤ ᠲᠣᠭᠲᠠᠭᠠᠯ ᠳᠤ ᠨᠡᠶᠢᠴᠡᠭᠰᠡᠨ ᠪᠤᠰᠤᠳ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠦᠷᠦᠯ ᠵᠦᠢᠯ ᠢ ᠭᠤᠶᠤᠴᠢᠯᠠᠬᠤ ᠪᠠᠷ ᠳᠠᠮᠵᠢᠨ᠂ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠣᠯᠳᠣᠭᠠᠨ ᠤ ᠳᠦᠷᠦᠯ ᠵᠦᠢᠯ ᠤᠨ ᠨᠡᠮᠡᠭᠳᠡᠭᠰᠡᠨ ᠳᠦᠷᠦᠯ ᠵᠦᠢᠯ᠂ ᠪᠠᠶᠢᠩᠭᠤ ᠶᠢᠨ ᠪᠤᠰᠤ ᠳᠦᠷᠦᠯ ᠵᠦᠢᠯ ᠪᠣᠯᠣᠨ ᠪᠠᠶᠢᠩᠭᠤ ᠶᠢᠨ ᠳᠦᠷᠦᠯ ᠵᠦᠢᠯ ᠪᠣᠯᠭᠠᠨ᠎ᠠ᠃ ᠪᠠᠶᠢᠩᠭᠤ ᠶᠢᠨ ᠲᠦᠷᠦᠯ ᠵᠦᠢᠯ ᠢ ᠳᠡᠰ ᠪᠠᠭᠤᠷᠠᠭᠤᠯᠤᠨ ᠪᠠᠶᠢᠩᠭᠤ ᠶᠢᠨ ᠪᠤᠰᠤ ᠳᠦᠷᠦᠯ ᠵᠦᠢᠯ ᠪᠣᠯᠭᠠᠵᠣ ᠪᠣᠯᠣᠨ᠎ᠠ᠃        ᠬᠤᠷᠢᠨ ᠨᠢᠭᠡᠳᠦᠭᠡᠷ ᠵᠤᠷᠪᠤᠰ ᠨᠡᠮᠡᠭᠳᠡᠭᠰᠡᠨ ᠳᠦᠷᠦᠯ ᠵᠦᠢᠯ ᠤᠨ ᠰᠡᠳᠦᠪ ᠲᠣᠭᠲᠠᠭᠠᠯᠲᠠ        ︵ᠨᠢᠭᠡ︶ ᠵᠦᠪᠬᠡᠨ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠬᠦ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠳᠠᠭᠠᠭᠠᠴᠢᠯᠠᠨ ᠡᠷᠬᠢᠯᠡᠬᠦ ᠭᠡᠵᠦ ᠪᠠᠶᠢᠭ᠎ᠠ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠠᠭᠠᠨ ᠨᠡᠮᠡᠭᠳᠡᠭᠰᠡᠨ ᠳᠦᠷᠦᠯ ᠵᠦᠢᠯ ᠢ ᠭᠤᠶᠤᠴᠢᠯᠠᠬᠤ ᠬᠢᠷᠢ ᠬᠡᠮ ᠲᠠᠢ᠃ ᠨᠡᠮᠡᠭᠳᠡᠭᠰᠡᠨ ᠳᠦᠷᠦᠯ ᠵᠦᠢᠯ ᠨᠢ ᠵᠦᠪᠬᠡᠨ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷ᠎ᠡ ᠬᠦᠴᠦᠨ ᠲᠠᠢ᠂ ᠲᠤᠭ᠎ᠠ ᠬᠡᠮᠵᠢᠶ᠎ᠡ ᠨᠢ 1 ᠳᠦᠷᠦᠯ ᠠᠴᠠ ᠬᠡᠲᠦᠷᠡᠬᠦ ᠦᠭᠡᠢ᠃        ︵ᠬᠤᠶᠠᠷ︶ ᠭᠤᠶᠤᠴᠢᠯᠠᠭᠰᠠᠨ ᠳᠦᠷᠦᠯ ᠵᠦᠢᠯ ᠨᠢ ᠡᠷᠬᠡᠪᠰᠢ ᠳᠣᠣᠷᠠᠬᠢ ᠨᠥᠬᠦᠴᠡᠯ ᠤᠳ ᠢ ᠬᠠᠩᠭᠠᠭᠰᠠᠨ ᠪᠠᠶᠢᠬᠤ ᠬᠡᠷᠡᠭᠲᠡᠢ᠄ 1. ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠢᠯᠡ ᠲᠣᠳᠣ ᠣᠨᠴᠠᠯᠢᠭ ᠲᠠᠢ᠂ ᠥᠷᠭᠡᠨ ᠳᠡᠯᠭᠡᠷ ᠣᠯᠠᠨ ᠲᠦᠮᠡᠨᠴᠢ ᠰᠠᠭᠤᠷᠢ ᠲᠠᠢ᠂ ᠥᠷᠢᠰᠦᠯᠳᠦᠬᠦ ᠴᠢᠨᠠᠷ᠂ ᠰᠣᠨᠢᠷᠬᠠᠯᠳᠤ ᠴᠢᠨᠠᠷ᠂ ᠠᠮᠤᠷ ᠲᠦᠪᠰᠢᠨ ᠴᠢᠨᠠᠷ ᠥᠨᠳᠥᠷ ᠪᠠᠶᠢᠬᠤ 2. ᠮᠤᠵᠢ ᠶᠢᠨ ᠳᠡᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠣᠯᠳᠣᠭᠠᠨ ᠤ ᠳᠦᠷᠦᠯ ᠵᠦᠢᠯ ᠪᠠᠶᠢᠬᠤ 3. 3 ᠤᠳᠠᠭᠠᠨ ᠤ ᠪᠦᠬᠦ ᠤᠯᠤᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠤᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠭᠰᠡᠨ ᠪᠠᠶᠢᠬᠤ ᠪᠥᠭᠡᠳ ᠤᠳᠠᠭ᠎ᠠ ᠪᠣᠯᠭᠠᠨ ᠤ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠳᠤᠨᠢ ᠡᠷᠬᠡᠪᠰᠢ ᠨᠠᠭᠠᠲᠤ ᠵᠠᠬ᠎ᠠ ᠳᠠᠭᠠᠨ 4 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠭᠢ ᠵᠣᠬᠢᠶᠠᠨ ᠪᠠᠶᠢᠭᠤᠯᠵᠤ ᠬᠥᠮᠥᠨ ᠲᠣᠮᠢᠯᠠᠨ ᠣᠷᠣᠯᠴᠠᠭᠤᠯᠤᠭᠰᠠᠨ ᠪᠠᠶᠢᠬᠤ ᠬᠡᠷᠡᠭᠲᠡᠢ᠃ 4. ᠪᠦᠷᠢᠨ ᠲᠡᠭᠦᠯᠳᠡᠷ ᠣᠷᠣᠯᠳᠣᠭᠠᠨ ᠤ ᠳᠦᠷᠢᠮ᠂ ᠬᠢᠨᠠᠬᠤ ᠠᠷᠭ᠎ᠠ ᠶᠢ ᠪᠦᠷᠢᠯᠳᠦᠭᠦᠯᠦᠭᠰᠡᠨ᠃ 5. ᠣᠷᠣᠯᠳᠣᠭᠠᠨ ᠤ ᠬᠡᠷᠡᠭᠰᠡᠯ ᠨᠢ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠳᠤ ᠬᠦᠷᠦᠭᠰᠡᠨ ᠪᠠᠶᠢᠬᠤ᠃        ︵ᠭᠤᠷᠪᠠ︶ ᠰᠡᠳᠦᠪ ᠲᠣᠭᠲᠠᠭᠠᠯᠲᠠ ᠶᠢᠨ ᠠᠯᠬᠤᠮ ᠳᠠᠷᠠᠭᠠᠯᠠᠯ 1. ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠬᠦ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠲᠡᠨ᠂ ᠪᠡᠶ᠎ᠡ ᠶᠢᠨ ᠲᠠᠮᠢᠷ ᠤᠨ ᠠᠵᠢᠯ ᠤᠨ ᠰᠠᠯᠠᠭ᠎ᠠ ᠮᠥᠴᠢᠷ ᠬᠤᠯᠪᠤᠭᠠᠯᠠᠨ᠂ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠶᠠᠪᠤᠭᠳᠠᠬᠤ ᠠᠴᠠ 3 ᠵᠢᠯ ᠤᠨ ᠡᠮᠦᠨ᠎ᠡ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠳᠤ ᠰᠡᠳᠦᠪ ᠲᠣᠭᠲᠠᠭᠠᠯᠲᠠ ᠶᠢᠨ ᠭᠤᠶᠤᠴᠢᠯᠠᠯᠲᠠ ᠶᠢᠨ ᠪᠢᠴᠢᠭ ᠢᠶᠠᠨ ᠬᠦᠷᠭᠡᠨ᠎ᠡ᠃ ᠰᠡᠳᠦᠪ ᠲᠣᠭᠲᠠᠭᠠᠯᠲᠠ ᠶᠢᠨ ᠭᠤᠶᠤᠴᠢᠯᠠᠯᠲᠠ ᠶᠢᠨ ᠪᠢᠴᠢᠭ ᠲᠤ ᠰᠡᠳᠦᠪ ᠲᠣᠭᠲᠠᠭᠠᠯᠲᠠ ᠶᠢᠨ ᠨᠥᠬᠦᠴᠡᠯ ᠳᠤ ᠬᠤᠯᠪᠣᠭᠳᠠᠭᠰᠠᠨ ᠠᠰᠠᠭᠤᠳᠠᠯ ᠤᠨ ᠬᠠᠮᠢᠶ᠎ᠠ ᠪᠦᠬᠦᠢ ᠠᠭᠤᠯᠭ᠎ᠠ ᠪᠠ ᠭᠡᠷᠡᠴᠢ ᠮᠠᠲ᠋ᠧᠷᠢᠶᠠᠯ ᠢ ᠪᠠᠭᠲᠠᠭᠠᠵᠤ᠂ ᠠᠷᠤ ᠳᠤᠨᠢ ᠣᠷᠣᠯᠳᠣᠭᠠᠨ ᠤ ᠲᠠᠯᠠᠪᠤᠷ᠂ ᠬᠡᠷᠡᠭᠰᠡᠯ ᠤᠨ ᠨᠠᠷᠢᠨ ᠲᠠᠨᠢᠯᠴᠠᠭᠤᠯᠭ᠎ᠠ ᠪᠠ ᠣᠷᠣᠯᠳᠣᠭᠠᠨ ᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠳᠠᠭᠠᠯᠳᠤᠭᠤᠯᠤᠨ᠎ᠠ᠃ 2. ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ ᠃ ᠬᠢᠨᠠᠨ ᠦᠨᠡᠯᠡᠯᠲᠡ ᠳᠤ ᠬᠢᠷᠢ ᠲᠡᠩᠴᠡᠭᠰᠡᠨ ᠳᠦᠷᠦᠯ ᠵᠦᠢᠯ ᠢ ᠪᠢᠴᠢᠭ ᠤᠨ ᠬᠡᠯᠪᠡᠷᠢ ᠪᠠᠷ ᠭᠤᠶᠤᠴᠢᠯᠠᠭᠰᠠᠨ ᠪᠠᠶᠢᠭᠤᠯᠤᠯᠭ᠎ᠠ ᠳᠤ ᠮᠡᠳᠡᠭᠳᠡᠨ᠎ᠡ᠃ 3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠭᠤᠶᠤᠴᠢᠯᠠᠭᠰᠠᠨ ᠪᠠᠶᠢᠭᠤᠯᠤᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠤᠯᠤᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠤᠭᠴᠢ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ᠎ᠠ᠃ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠳᠤᠨᠢ ᠡᠷᠬᠡᠪᠰᠢ ᠨᠠᠭᠠᠲᠤ ᠵᠠᠬ᠎ᠠ ᠳᠠᠭᠠᠨ 6 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠭᠢ ᠵᠣᠬᠢᠶᠠᠨ ᠪᠠᠶᠢᠭᠤᠯᠵᠤ ᠬᠥᠮᠥᠨ ᠲᠣᠮᠢᠯᠠᠨ ᠣᠷᠣᠯᠴᠠᠭᠤᠯᠤᠭᠰᠠᠨ ᠪᠠᠶᠢᠬᠤ ᠬᠡᠷᠡᠭᠲᠡᠢ᠃ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ  ᠳᠤ ᠠᠬᠤᠢ ᠳᠠᠯᠠᠪᠠᠢ ᠳᠤ ᠬᠢᠨᠠᠨ ᠰᠢᠯᠭᠠᠯᠲᠠ ᠬᠢᠨ᠎ᠡ᠃ 4. ᠠᠬᠤᠢ ᠳᠠᠯᠠᠪᠠᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠨᠡᠮᠡᠯᠲᠡ ᠳᠦᠷᠦᠯ ᠵᠦᠢᠯ ᠪᠣᠯᠵᠤ᠂ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠶᠡᠷᠦᠩᠬᠡᠢ ᠳᠦᠷᠢᠮ ᠳᠤ ᠣᠷᠣᠨ᠎ᠠ᠃        ᠬᠤᠷᠢᠨ ᠬᠤᠶᠠᠳᠤᠭᠠᠷ ᠵᠤᠷᠪᠤᠰ ᠪᠠᠶᠢᠩᠭᠤ ᠶᠢᠨ ᠪᠤᠰᠤ ᠳᠦᠷᠦᠯ ᠵᠦᠢᠯ ᠤᠨ ᠰᠡᠳᠦᠪ ᠲᠣᠭᠲᠠᠭᠠᠯᠲᠠ ︵ᠨᠢᠭᠡ︶ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ ᠢ ᠲᠣᠬᠢᠷᠠᠭᠤᠯᠬᠤ ᠶᠢ ᠭᠤᠶᠤᠴᠢᠯᠠᠬᠤ ᠬᠢᠷᠢ ᠬᠡᠮ ᠲᠠᠢ᠃ ᠪᠠᠶᠢᠩᠭᠤ ᠶᠢᠨ ᠪᠤᠰᠤ ᠳᠦᠷᠦᠯ ᠵᠦᠢᠯ ᠵᠦᠪᠬᠡᠨ ᠭᠤᠶᠤᠴᠢᠯᠠᠭᠰᠠᠨ ᠳᠣᠰ ᠬᠤᠭᠤᠴᠠᠭᠠᠨ ᠤ ᠪᠠᠨ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷ᠎ᠡ ᠬᠦᠴᠦᠨ ᠲᠠᠢ᠃ ︵ᠬᠤᠶᠠᠷ︶ ᠭᠤᠶᠤᠴᠢᠯᠠᠬᠤ ᠳᠦᠷᠦᠯ ᠵᠦᠢᠯ ᠨᠢ ᠡᠷᠬᠡᠪᠰᠢ ᠳᠣᠣᠷᠠᠬᠢ ᠨᠥᠬᠦᠴᠡᠯ ᠤᠳ ᠢ ᠴᠥᠮ ᠪᠦᠷᠢᠯᠳᠦᠭᠦᠯᠬᠦ ᠬᠡᠷᠡᠭᠲᠡᠢ᠄ 1. ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠢᠯᠡ ᠲᠣᠳᠣ ᠣᠨᠴᠠᠯᠢᠭ ᠲᠠᠢ᠂ ᠥᠷᠭᠡᠨ ᠳᠡᠯᠭᠡᠷ ᠣᠯᠠᠨ ᠲᠦᠮᠡᠨᠴᠢ ᠰᠠᠭᠤᠷᠢ ᠲᠠᠢ᠂ ᠥᠷᠢᠰᠦᠯᠳᠦᠬᠦ ᠴᠢᠨᠠᠷ᠂ ᠰᠣᠨᠢᠷᠬᠠᠯᠳᠤ ᠴᠢᠨᠠᠷ᠂ ᠠᠮᠤᠷ ᠲᠦᠪᠰᠢᠨ ᠴᠢᠨᠠᠷ ᠥᠨᠳᠥᠷ ᠪᠠᠶᠢᠬᠤ 2. ᠳᠠᠷᠠᠭᠠᠯᠠᠨ ᠬᠤᠶᠠᠷ ᠬᠤᠭᠤᠴᠠᠭ᠎ᠠ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠴᠢᠨᠠᠷ ᠲᠠᠢ ᠦᠵᠡᠭᠦᠯᠦᠯᠭᠡ ᠶᠢᠨ ᠳᠦᠷᠦᠯ ᠵᠦᠢᠯ ᠪᠣᠯᠤᠭᠰᠠᠨ ᠪᠥᠭᠡᠳ ᠣᠯᠣᠭᠰᠠᠨ ᠬᠢᠷᠢ ᠪᠦᠳᠤᠮᠵᠢ ᠨᠢ ᠳᠣᠰ ᠳᠦᠷᠦᠯ ᠤᠨ ᠡᠮᠦᠨ᠎ᠡ 40% ︵40% ᠢ ᠪᠠᠭᠲᠠᠭᠠᠨ᠎ᠠ︶ ᠲᠤ ᠵᠢᠭᠰᠠᠭᠠᠭᠳᠠᠵᠤ ᠪᠠᠶᠢᠬᠤ ᠬᠡᠷᠡᠭᠲᠡᠢ᠃ 3. . ᠳᠠᠷᠠᠭᠠᠯᠠᠨ ᠬᠤᠶᠠᠷ ᠬᠤᠭᠤᠴᠠᠭ᠎ᠠ ᠮᠤᠵᠢ ᠶᠢᠨ ᠳᠡᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠳᠦᠷᠦᠯ ᠵᠦᠢᠯ ᠪᠣᠯᠤᠭᠰᠠᠨ 4. ᠵᠢᠯ ᠪᠣᠯᠭᠠᠨ ᠨᠢᠭᠡ ᠤᠳᠠᠭ᠎ᠠ᠂ ᠳᠠᠷᠠᠭᠠᠯᠠᠨ 4 ᠤᠳᠠᠭ᠎ᠠ ᠪᠦᠬᠦ ᠤᠯᠤᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠤᠭᠴᠢ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠭᠰᠠᠨ ᠪᠠᠶᠢᠬᠤ ᠪᠥᠭᠡᠳ ᠤᠳᠠᠭ᠎ᠠ ᠪᠣᠯᠭᠠᠨ ᠤ ᠬᠢᠨᠢ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠳᠤᠨᠢ ᠨᠠᠭᠠᠲᠤ ᠵᠠᠬ᠎ᠠ  ᠳᠠᠭᠠᠨ 6 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠭᠢ ᠵᠣᠬᠢᠶᠠᠨ ᠪᠠᠶᠢᠭᠤᠯᠵᠤ ᠬᠥᠮᠥᠨ ᠲᠣᠮᠢᠯᠠᠨ ᠣᠷᠣᠯᠴᠠᠭᠤᠯᠤᠭᠰᠠᠨ ᠪᠠᠶᠢᠬᠤ ᠬᠡᠷᠡᠭᠲᠡᠢ᠃ 5. ᠪᠦᠷᠢᠨ ᠲᠡᠭᠦᠯᠳᠡᠷ ᠣᠷᠣᠯᠳᠣᠭᠠᠨ ᠤ ᠳᠦᠷᠢᠮ᠂ ᠬᠢᠨᠠᠬᠤ ᠠᠷᠭ᠎ᠠ ᠶᠢ ᠪᠦᠷᠢᠯᠳᠦᠭᠦᠯᠦᠭᠰᠡᠨ᠃ 6. ᠣᠷᠣᠯᠳᠣᠭᠠᠨ ᠤ ᠲᠠᠯᠠᠪᠤᠷ ᠨᠢ ᠤᠯᠠᠷᠢᠯ ᠪᠣᠯᠣᠨ ᠭᠠᠵᠠᠷ ᠣᠷᠣᠨ ᠤ ᠨᠥᠬᠦᠴᠡᠯ ᠳᠤ ᠬᠢᠵᠠᠭᠠᠷᠯᠠᠭᠳᠠᠬᠤ ᠦᠭᠡᠢ᠃ 7. ᠣᠷᠣᠯᠳᠣᠭᠠᠨ ᠤ ᠬᠡᠷᠡᠭᠰᠡᠯ ᠢ ᠨᠢ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠵᠦ ᠪᠤᠯᠠᠬᠤ ᠪᠥᠭᠡᠳ ᠤᠯᠠᠷᠢᠯ ᠪᠣᠯᠣᠨ ᠭᠠᠵᠠᠷ ᠣᠷᠣᠨ ᠤ ᠨᠥᠬᠦᠴᠡᠯ ᠳᠤ ᠬᠢᠵᠠᠭᠠᠷᠠᠯᠭ᠍ᠳᠠᠬᠤ ᠦᠭᠡᠢ ᠪᠠᠶᠢᠬᠤ᠃ ︵ ᠭᠤᠷᠪᠠ︶ ᠰᠡᠳᠦᠪ ᠲᠣᠭᠲᠠᠭᠠᠯᠲᠠ ᠶᠢᠨ ᠠᠯᠬᠤᠮ ᠳᠠᠷᠠᠭᠠᠯᠠᠯ 1. ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠬᠦ ᠭᠡᠵᠦ ᠪᠠᠶᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠲᠡᠨ᠂ ᠪᠡᠶ᠎ᠡ ᠶᠢᠨ ᠲᠠᠮᠢᠷ ᠤᠨ ᠠᠵᠢᠯ ᠤᠨ ᠰᠠᠯᠠᠭ᠎ᠠ ᠮᠥᠴᠢᠷ ᠬᠤᠯᠪᠤᠭᠠᠯᠠᠨ᠂ ᠳᠠᠭᠠᠭᠠᠴᠢᠯᠠᠨ ᠡᠷᠬᠢᠯᠡᠬᠦ ᠭᠡᠵᠦ ᠪᠠᠶᠢᠭ᠎ᠠ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠠᠴᠠ ᠡᠮᠦᠨᠡᠬᠢ ᠬᠤᠭᠤᠴᠠᠭᠠᠨ ᠤ ᠬᠢᠨᠢ ᠪᠡᠶ᠎ᠡ ᠶᠢᠨ ᠲᠠᠮᠢᠷ ᠤᠨ ᠴᠤᠭᠯᠠᠭᠠᠨ ᠢ ᠥᠨᠳᠥᠷᠯᠡᠭᠰᠡᠨ ᠤ ᠳᠠᠷᠠᠭᠠᠬᠢ 6 ᠰᠠᠷ᠎ᠠ ᠶᠢᠨ ᠳᠣᠲᠣᠷ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠳᠤ ᠰᠡᠳᠦᠪ ᠲᠣᠭᠲᠠᠭᠠᠯᠲᠠ ᠶᠢᠨ ᠭᠤᠶᠤᠴᠢᠯᠠᠯᠲᠠ ᠶᠢᠨ ᠪᠢᠴᠢᠭ ᠢᠶᠠᠨ ᠲᠤᠰᠢᠶᠠᠨ᠎ᠠ᠃ ᠰᠡᠳᠦᠪ ᠲᠣᠭᠲᠠᠭᠠᠯᠲᠠ ᠶᠢᠨ ᠭᠤᠶᠤᠴᠢᠯᠠᠯᠲᠠ ᠶᠢᠨ ᠪᠢᠴᠢᠭ ᠲᠤ ᠰᠡᠳᠦᠪ ᠲᠣᠭᠲᠠᠭᠠᠯᠲᠠ ᠶᠢᠨ ᠨᠥᠬᠦᠴᠡᠯ ᠲᠠᠢ ᠬᠤᠯᠪᠣᠭᠳᠠᠭᠰᠠᠨ ᠠᠰᠠᠭᠤᠳᠠᠯ ᠤᠨ ᠬᠠᠮᠢᠶ᠎ᠠ ᠪᠦᠬᠦᠢ ᠠᠭᠤᠯᠭ᠎ᠠ ᠪᠠ ᠭᠡᠷᠡᠴᠢ ᠮᠠᠲ᠋ᠧᠷᠢᠶᠠᠯ ᠢ ᠪᠠᠭᠲᠠᠭᠠᠵᠤ᠂ ᠠᠷᠤ ᠳᠤᠨᠢ ᠣᠷᠣᠯᠳᠣᠭᠠᠨ ᠤ ᠲᠠᠯᠠᠪᠤᠷ᠂ ᠬᠡᠷᠡᠭᠰᠡᠯ ᠤᠨ ᠨᠠᠷᠢᠨ ᠲᠠᠨᠢᠯᠴᠠᠭᠤᠯᠭ᠎ᠠ ᠪᠠ ᠣᠷᠣᠯᠳᠣᠭᠠᠨ ᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠳᠠᠭᠠᠯᠳᠤᠭᠤᠯᠤᠨ᠎ᠠ᠃ 2. ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠲᠡ ᠳᠤ ᠬᠢᠷᠢ ᠲᠡᠩᠴᠡᠭᠰᠡᠨ ᠲᠦᠷᠦᠯ ᠵᠦᠢᠯ ᠢ ᠪᠢᠴᠢᠭ ᠤᠨ ᠬᠡᠯᠪᠡᠷᠢ ᠪᠠᠷ ᠭᠤᠶᠤᠴᠢᠯᠠᠭᠰᠠᠨ ᠪᠠᠶᠢᠭᠤᠯᠤᠯᠭ᠎ᠠ ᠳᠤ ᠮᠡᠳᠡᠭᠳᠡᠨ᠎ᠡ᠃ 3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠭᠤᠶᠤᠴᠢᠯᠠᠭᠰᠠᠨ ᠪᠠᠶᠢᠭᠤᠯᠤᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠤᠯᠤᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠤᠭᠴᠢ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ᠎ᠠ᠃ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠳᠤᠨᠢ ᠡᠷᠬᠡᠪᠰᠢ ᠨᠠᠭᠠᠲᠤ ᠵᠠᠬ᠎ᠠ ᠳᠠᠭᠠᠨ 6 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠭᠢ ᠵᠣᠬᠢᠶᠠᠨ ᠪᠠᠶᠢᠭᠤᠯᠵᠤ ᠬᠥᠮᠥᠨ ᠲᠣᠮᠢᠯᠠᠨ ᠣᠷᠣᠯᠴᠠᠭᠤᠯᠤᠭᠰᠠᠨ ᠪᠠᠶᠢᠬᠤ ᠬᠡᠷᠡᠭᠲᠡᠢ᠃ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ  ᠳᠤ ᠠᠬᠤᠢ ᠳᠠᠯᠠᠪᠠᠢ ᠳᠤ ᠬᠢᠨᠠᠨ ᠰᠢᠯᠭᠠᠯᠲᠠ ᠬᠢᠨ᠎ᠡ᠃ 4. ᠠᠬᠤᠢ ᠳᠠᠯᠠᠪᠠᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ ᠪᠣᠯᠵᠤ᠂ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠶᠡᠷᠦᠩᠬᠡᠢ ᠳᠦᠷᠢᠮ ᠳᠤ ᠣᠷᠣᠨ᠎ᠠ᠃ ︵ᠳᠥᠷᠪᠡ︶ ᠨᠡᠮᠡᠭᠳᠡᠭᠰᠡᠨ ᠳᠦᠷᠦᠯ ᠵᠦᠢᠯ ᠪᠠ ᠪᠠᠶᠢᠩᠭᠤ ᠶᠢᠨ ᠪᠤᠰᠤ ᠳᠦᠷᠦᠯ ᠵᠦᠢᠯ ᠨᠢ ᠬᠡᠷᠪᠡ ᠲᠠᠷᠠᠭ᠎ᠠ ᠬᠤᠭᠤᠴᠠᠭᠠᠨ ᠤ ᠬᠢᠨᠢ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠠᠰᠠ ᠪᠠᠶᠢᠩᠭᠤ ᠶᠢᠨ ᠳᠦᠷᠦᠯ ᠵᠦᠢᠯ ᠢᠶᠠᠷ ᠭᠤᠶᠤᠴᠢᠯᠠᠭᠰᠠᠨ ᠪᠣᠯ ᠭᠤᠶᠤᠴᠢᠯᠠᠬᠤ ᠨᠥᠬᠦᠴᠡᠯ ᠨᠢ ᠵᠦᠪᠬᠡᠨ ᠳᠣᠰ ᠵᠤᠷᠪᠤᠰ ᠤᠨ ᠬᠤᠶᠠᠳᠤᠭᠠᠷ ᠵᠦᠢᠯ ᠤᠨ ᠳᠥᠷᠪᠡᠳᠦᠭᠡᠷ ᠨᠥᠬᠦᠴᠡᠯ ᠢ ᠪᠦᠷᠢᠯᠳᠦᠭᠦᠯᠪᠡᠯ ᠪᠣᠯᠴᠢᠬᠠᠨ᠎ᠠ᠂ ᠭᠡᠪᠡᠴᠦ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠡᠷᠬᠢᠯᠡᠭᠰᠡᠨ ᠤᠳᠠᠭ᠎ᠠ ᠶᠢᠨ ᠲᠤᠭ᠎ᠠ ᠶᠢ ᠠᠩᠬ᠎ᠠ ᠤᠳᠠᠭᠠᠨ ᠤ ᠰᠡᠳᠦᠪ ᠲᠣᠭᠲᠠᠭᠠᠯᠲᠠ ᠶᠢᠨ ᠦᠶ᠎ᠡ ᠶᠢᠨ ᠡᠷᠬᠢᠯᠡᠭᠰᠡᠨ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠶᠢᠨ ᠲᠤᠭ᠎ᠠ ᠲᠠᠢ ᠳᠠᠪᠬᠤᠷᠳᠠᠭᠤᠯᠤᠨ ᠲᠣᠭᠠᠴᠠᠵᠤ ᠪᠣᠯᠬᠤ ᠦᠭᠡᠢ᠃ ᠰᠡᠳᠦᠪ ᠲᠣᠭᠲᠠᠭᠠᠯᠲᠠ ᠶᠢᠨ ᠠᠯᠬᠤᠮ ᠳᠠᠷᠠᠭᠠᠯᠠᠯ ᠨᠢ ᠪᠠᠶᠢᠩᠭᠤ ᠶᠢᠨ ᠪᠤᠰᠤ ᠳᠦᠷᠦᠯ ᠵᠦᠢᠯ ᠠᠩᠬ᠎ᠠ ᠤᠳᠠᠭ᠎ᠠ ᠶᠢᠨ ᠰᠡᠳᠦᠪ ᠲᠣᠭᠲᠠᠭᠠᠯᠲᠠ ᠤᠨ ᠬᠢ ᠲᠠᠢ ᠠᠳᠠᠯᠢ᠃ ᠬᠡᠷᠪᠡ ᠳᠠᠷᠠᠭᠠᠯᠠᠭᠰᠠᠨ ᠪᠤᠰᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠳᠠᠬᠢᠨᠲᠠ ᠪᠠᠶᠢᠩᠭᠤ ᠶᠢᠨ ᠳᠦᠷᠦᠯ ᠵᠦᠢᠯ ᠢᠶᠠᠷ ᠭᠤᠶᠤᠴᠢᠯᠠᠭᠰᠠᠨ ᠪᠣᠯ ᠪᠠᠶᠢᠩᠭᠤ ᠶᠢᠨ ᠪᠤᠰᠤ ᠳᠦᠷᠦᠯ ᠵᠦᠢᠯ ᠢᠶᠠᠷ ᠠᠩᠬ᠎ᠠ ᠤᠳᠠᠭ᠎ᠠ ᠰᠡᠳᠦᠪ ᠲᠣᠭᠲᠠᠭᠠᠵᠤ ᠪᠠᠶᠢᠭ᠎ᠠ ᠲᠠᠢ ᠠᠳᠠᠯᠢ᠃        ᠬᠤᠷᠢᠨ ᠭᠤᠷᠪᠠᠳᠤᠭᠠᠷ ᠵᠤᠷᠪᠤᠰ ᠪᠠᠶᠢᠩᠭᠤ ᠶᠢᠨ ᠳᠦᠷᠦᠯ ᠵᠦᠢᠯ ᠤᠨ ᠰᠡᠳᠦᠪ ᠲᠣᠭᠲᠠᠭᠠᠯᠲᠠ ︵ᠨᠢᠭᠡ︶ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠪᠦᠷ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠶᠢᠩᠭᠤ ᠶᠢᠨ ᠳᠦᠷᠦᠯ ᠵᠦᠢᠯ ᠢ ᠲᠣᠬᠢᠷᠠᠭᠤᠯᠬᠤ ᠶᠢ ᠭᠤᠶᠤᠴᠢᠯᠠᠬᠤ ᠬᠢᠷᠢ ᠬᠡᠮ ᠲᠠᠢ᠃ ᠪᠠᠶᠢᠩᠭᠤ ᠶᠢᠨ ᠳᠦᠷᠦᠯ ᠵᠦᠢᠯ ᠨᠢ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠳᠣ ᠬᠤᠭᠤᠴᠠᠭᠠᠨ ᠤ ᠬᠦᠴᠦᠨ ᠲᠠᠢ᠃ ︵ᠬᠤᠶᠠᠷ︶ ᠭᠤᠶᠤᠴᠢᠯᠠᠬᠤ ᠳᠦᠷᠦᠯ ᠵᠦᠢᠯ ᠨᠢ ᠡᠷᠬᠡᠪᠰᠢ ᠳᠣᠣᠷᠠᠬᠢ ᠨᠥᠬᠦᠴᠡᠯ ᠤᠳ ᠢ ᠴᠥᠮ ᠪᠦᠷᠢᠯᠳᠦᠭᠦᠯᠬᠦ ᠬᠡᠷᠡᠭᠲᠡᠢ᠄ 1. ᠬᠤᠶᠠᠷ ᠬᠤᠭᠤᠴᠠᠭ᠎ᠠ ᠳᠠᠷᠠᠭᠠᠯᠠᠨ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ ᠪᠣᠯᠤᠭᠰᠠᠨ᠃ 2. ᠪᠠᠶᠢᠩᠭᠤ ᠶᠢᠨ ᠪᠤᠰᠤ ᠳᠦᠷᠦᠯ ᠵᠦᠢᠯ ᠢᠶᠠᠷ ᠬᠤᠶᠠᠷ ᠬᠤᠭᠤᠴᠠᠭᠠᠨ ᠤ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠬᠤ ᠳᠤᠨᠢ ᠣᠷᠣᠯᠴᠠᠭᠰᠠᠨ ᠣᠷᠣᠯᠳᠣᠭᠠᠨ ᠤ ᠠᠩᠭᠢ ᠨᠢ ᠵᠢᠷᠭᠤᠭ᠎ᠠ ᠠᠴᠠ ᠴᠥᠭᠡᠨ ᠪᠠᠶᠢᠭᠰᠠᠨ ᠦᠭᠡᠢ᠃ 3. ᠵᠢᠯ ᠪᠣᠯᠭᠠᠨ ᠨᠢᠭᠡ ᠤᠳᠠᠭ᠎ᠠ᠂ ᠳᠠᠷᠠᠭᠠᠯᠠᠨ 4 ᠤᠳᠠᠭ᠎ᠠ ᠪᠦᠬᠦ ᠤᠯᠤᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠤᠭᠴᠢ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠭᠰᠠᠨ ᠪᠠᠶᠢᠬᠤ ᠪᠥᠭᠡᠳ ᠤᠳᠠᠭ᠎ᠠ ᠪᠣᠯᠭᠠᠨ ᠤ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠳᠤᠨᠢ ᠨᠠᠭᠠᠲᠤ ᠵᠠᠬ᠎ᠠ ᠳᠠᠭᠠᠨ 6 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠭᠢ ᠵᠣᠬᠢᠶᠠᠨ ᠪᠠᠶᠢᠭᠤᠯᠵᠤ ᠬᠥᠮᠥᠨ ᠲᠣᠮᠢᠯᠠᠨ ᠣᠷᠣᠯᠴᠠᠭᠤᠯᠤᠭᠰᠠᠨ ᠪᠠᠶᠢᠬᠤ ᠬᠡᠷᠡᠭᠲᠡᠢ︔ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠡᠷᠬᠢᠯᠡᠭᠰᠡᠨ ᠤᠳᠠᠭ᠎ᠠ ᠶᠢᠨ ᠲᠤᠭ᠎ᠠ ᠶᠢ ᠬᠤᠶᠠᠳᠤᠭᠠᠷ ᠤᠳᠠᠭ᠎ᠠ ᠪᠠᠶᠢᠩᠭᠤ ᠶᠢᠨ ᠪᠤᠰᠤ ᠳᠦᠷᠦᠯ ᠵᠦᠢᠯ ᠪᠣᠯᠭᠠᠬᠤ ᠪᠠᠷ ᠭᠤᠶᠤᠴᠢᠯᠠᠬᠤ ᠦᠶ᠎ᠡ ᠶᠢᠨ ᠡᠷᠬᠢᠯᠡᠭᠰᠡᠨ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠶᠢᠨ ᠲᠤᠭ᠎ᠠ ᠲᠠᠢ ᠳᠠᠪᠬᠤᠷᠳᠠᠭᠤᠯᠤᠨ ᠲᠣᠭᠠᠴᠠᠵᠤ ᠪᠣᠯᠬᠤ ᠦᠭᠡᠢ᠃ ︵ᠭᠤᠷᠪᠠ︶ ᠰᠡᠳᠦᠪ ᠲᠣᠭᠲᠠᠭᠠᠯᠲᠠ ᠶᠢᠨ ᠠᠯᠬᠤᠮ ᠳᠠᠷᠠᠭᠠᠯᠠᠯ 1. ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠬᠦ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠲᠡᠨ᠂ ᠪᠡᠶ᠎ᠡ ᠶᠢᠨ ᠲᠠᠮᠢᠷ ᠤᠨ ᠠᠵᠢᠯ ᠤᠨ ᠰᠠᠯᠠᠭ᠎ᠠ ᠮᠥᠴᠢᠷ ᠬᠤᠯᠪᠤᠭᠠᠯᠠᠨ᠂ ᠬᠤᠶᠠᠳᠤᠭᠠᠷ ᠤᠳᠠᠭ᠎ᠠ ᠪᠠᠶᠢᠩᠭᠤ ᠶᠢᠨ ᠪᠤᠰᠤ ᠳᠦᠷᠦᠯ ᠵᠦᠢᠯ ᠪᠣᠯᠤᠭᠰᠠᠨ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠥᠨᠳᠥᠷᠯᠡᠭᠰᠡᠨ ᠤ ᠳᠠᠷᠠᠭᠠᠬᠢ 6 ᠰᠠᠷ᠎ᠠ ᠶᠢᠨ ᠳᠣᠲᠣᠷ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠳᠤ ᠰᠡᠳᠦᠪ ᠲᠣᠭᠲᠠᠭᠠᠯᠲᠠ ᠶᠢᠨ ᠭᠤᠶᠤᠴᠢᠯᠠᠯᠲᠠ ᠶᠢᠨ ᠪᠢᠴᠢᠭ ᠢᠶᠠᠨ ᠲᠤᠰᠢᠶᠠᠨ᠎ᠠ᠃ ᠰᠡᠳᠦᠪ ᠲᠣᠭᠲᠠᠭᠠᠯᠲᠠ ᠶᠢᠨ ᠭᠤᠶᠤᠴᠢᠯᠠᠯᠲᠠ ᠶᠢᠨ ᠪᠢᠴᠢᠭ ᠲᠤ ᠰᠡᠳᠦᠪ ᠲᠣᠭᠲᠠᠭᠠᠯᠲᠠ ᠶᠢᠨ ᠨᠥᠬᠦᠴᠡᠯ ᠲᠠᠢ ᠬᠤᠯᠪᠣᠭᠳᠠᠭᠰᠠᠨ ᠠᠰᠠᠭᠤᠳᠠᠯ ᠤᠨ ᠬᠠᠮᠢᠶ᠎ᠠ ᠪᠦᠬᠦᠢ ᠠᠭᠤᠯᠭ᠎ᠠ ᠪᠠ ᠭᠡᠷᠡᠴᠢ ᠮᠠᠲ᠋ᠧᠷᠢᠶᠠᠯ ᠢ ᠪᠠᠭᠲᠠᠭᠠᠨ᠎ᠠ᠃ 2. ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠲᠡ ᠳᠤ ᠬᠢᠷᠢ ᠲᠡᠩᠴᠡᠭᠰᠡᠨ ᠲᠦᠷᠦᠯ ᠵᠦᠢᠯ ᠢ ᠪᠢᠴᠢᠭ ᠤᠨ ᠬᠡᠯᠪᠡᠷᠢ ᠪᠠᠷ ᠭᠤᠶᠤᠴᠢᠯᠠᠭᠰᠠᠨ ᠪᠠᠶᠢᠭᠤᠯᠤᠯᠭ᠎ᠠ ᠳᠤ ᠮᠡᠳᠡᠭᠳᠡᠨ᠎ᠡ᠃ 3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠭᠤᠶᠤᠴᠢᠯᠠᠭᠰᠠᠨ ᠪᠠᠶᠢᠭᠤᠯᠤᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠤᠯᠤᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠤᠭᠴᠢ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ᠎ᠠ᠃ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠳᠤᠨᠢ ᠡᠷᠬᠡᠪᠰᠢ ᠨᠠᠭᠠᠲᠤ ᠵᠠᠬ᠎ᠠ ᠳᠠᠭᠠᠨ 6 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠭᠢ ᠵᠣᠬᠢᠶᠠᠨ ᠪᠠᠶᠢᠭᠤᠯᠵᠤ ᠬᠥᠮᠥᠨ ᠲᠣᠮᠢᠯᠠᠨ ᠣᠷᠣᠯᠴᠠᠭᠤᠯᠤᠭᠰᠠᠨ ᠪᠠᠶᠢᠬᠤ ᠬᠡᠷᠡᠭᠲᠡᠢ᠃ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠪᠦᠬᠦ ᠤᠯᠤᠰ ᠤᠨ ᠣᠷᠣᠯᠳᠣᠭᠠᠨ ᠪᠠ ᠪᠣᠯᠪᠠᠰᠤᠷᠠᠯ ᠤᠨ ᠠᠩᠭᠢ ᠳᠤ ᠠᠬᠤᠢ ᠳᠠᠯᠠᠪᠠᠢ ᠳᠤ ᠬᠢᠨᠠᠨ ᠰᠢᠯᠭᠠᠯᠲᠠ ᠬᠢᠨ᠎ᠡ᠃ 4. ᠠᠬᠤᠢ ᠳᠠᠯᠠᠪᠠᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠶᠢᠩᠭᠤ ᠶᠢᠨ ᠳᠦᠷᠦᠯ ᠵᠦᠢᠯ ᠪᠣᠯᠵᠤ᠂ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠶᠡᠷᠦᠩᠬᠡᠢ ᠳᠦᠷᠢᠮ ᠳᠤ ᠣᠷᠣᠭᠤᠯᠤᠨ᠎ᠠ᠃        ᠬᠤᠷᠢᠨ ᠳᠥᠷᠪᠡᠳᠦᠭᠡᠷ ᠵᠤᠷᠪᠤᠰ ᠪᠠᠶᠢᠩᠭᠤ ᠶᠢᠨ ᠳᠦᠷᠦᠯ ᠵᠦᠢᠯ ᠳᠤ ᠣᠯᠭᠤᠭᠰᠠᠨ ᠬᠠᠮᠤᠭ ᠤᠨ ᠳᠡᠭᠡᠳᠦ ᠱᠠᠩᠨᠠᠯ ᠤᠨ ᠮᠧᠲᠠᠯ ᠤᠨ ᠲᠤᠭ᠎ᠠ ᠨᠢ ᠳᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠦᠷᠢᠮ ᠲᠣᠭᠲᠠᠭᠠᠯ ᠳᠤ ᠲᠣᠭᠲᠠᠭᠠᠭᠰᠠᠨ ᠲᠤᠭ᠎ᠠ ᠶᠢᠨ 50% ᠲᠤ ᠬᠦᠷᠬᠦ ᠦᠭᠡᠢ ᠪᠣᠯ ᠳᠣᠰ ᠳᠦᠷᠦᠯ ᠵᠦᠢᠯ ᠢ ᠳᠠᠷᠠᠭ᠎ᠠ ᠬᠤᠭᠤᠴᠠᠭᠠᠨ ᠤ ᠬᠢᠨᠢ ᠪᠡᠶ᠎ᠡ ᠶᠢᠨ ᠲᠠᠮᠢᠷ ᠤᠨ ᠴᠤᠭᠯᠠᠭᠠᠨ ᠳᠤ ᠳᠡᠰ ᠪᠠᠭᠤᠷᠠᠭᠤᠯᠤᠨ ᠪᠠᠶᠢᠩᠭᠤ ᠶᠢᠨ ᠪᠤᠰᠤ ᠳᠦᠷᠦᠯ ᠵᠦᠢᠯ ᠪᠣᠯᠭᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ