ᠨᠠᠢᠮᠠᠳᠤᠭᠠᠷ ᠪᠦᠯᠦᠭ ᠲᠠᠮᠢᠷᠴᠢᠳ ᠢ ᠨᠡᠷ᠎ᠡ ᠪᠦᠷᠢᠳᠬᠡᠬᠦ ᠪᠣᠯᠣᠨ ᠰᠣᠯᠢᠯᠴᠠᠬᠤ | ᠬᠤᠷᠢᠨ ᠲᠠᠪᠤᠳᠤᠭᠠᠷ ᠵᠤᠷᠪᠤᠰ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠣᠯᠳᠣᠭᠠᠨ ᠤ ᠳᠦᠷᠦᠯ ᠵᠦᠢᠯ ᠳᠤ | ᠣᠷᠣᠯᠴᠠᠬᠤ ᠲᠠᠮᠢᠷᠴᠢᠳ ᠡᠷᠬᠡᠪᠰᠢ ᠨᠡᠷ᠎ᠡ ᠪᠠᠨ ᠳᠠᠩᠰᠠᠯᠠᠭᠤᠯᠬᠤ ᠬᠡᠷᠡᠭᠲᠡᠢ᠃ ᠵᠦᠪᠬᠡᠨ ᠦᠵᠡᠭᠦᠯᠦᠯᠭᠡ ᠶᠢᠨ ᠳᠦᠷᠦᠯ ᠵᠦᠢᠯ ᠳᠤ ᠣᠷᠣᠯᠴᠠᠬᠤ ᠲᠠᠮᠢᠷᠴᠢᠳ ᠨᠡᠷ᠎ᠡ ᠪᠠᠨ | ᠳᠠᠩᠰᠠᠯᠠᠭᠤᠯᠬᠤ ᠦᠭᠡᠢ᠃ ᠳᠠᠩᠰᠠᠯᠠᠭᠤᠯᠬᠤ ᠲᠠᠮᠢᠷᠴᠢᠳ ᠤᠨ ᠬᠢᠷᠢ ᠬᠡᠮ ᠡᠷᠬᠡᠪᠰᠢ ᠪᠡᠶ᠎ᠡ ᠶᠢᠨ ᠲᠠᠮᠢᠷ ᠤᠨ ᠴᠤᠭᠯᠠᠭᠠᠨ ᠤ ᠶᠡᠷᠦᠩᠬᠡᠢ ᠳᠦᠷᠢᠮ ᠪᠣᠯᠣᠨ ᠡᠯ᠎ᠡ ᠳᠠᠩ | ᠳᠦᠷᠦᠯ ᠤᠨ ᠳᠦᠷᠢᠮ ᠤᠨ ᠬᠤᠯᠪᠣᠭᠳᠠᠬᠤ ᠳᠦᠷᠢᠮ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢᠨ ᠵᠢᠷᠭᠤᠳᠤᠭᠠᠷ ᠵᠤᠷᠪᠤᠰ ᠳᠠᠩᠰᠠᠯᠠᠭᠤᠯᠤᠭᠰᠠᠨ ᠲᠠᠮᠢᠷᠴᠢᠳ ᠤᠨ ᠲᠤᠭ᠎ᠠ ᠶᠢ ᠳᠣᠰ ᠳᠦᠷᠦᠯ ᠵᠦᠢᠯ ᠤᠨ ᠳᠠᠩ ᠳᠦᠷᠦᠯ ᠤᠨ ᠳᠦᠷᠢᠮ ᠳᠤ | ᠲᠣᠭᠲᠠᠭᠠᠭᠰᠠᠨ ᠣᠷᠣᠯᠴᠠᠬᠤ ᠬᠥᠮᠥᠨ ᠤ ᠲᠤᠭ᠎ᠠ ᠶᠢᠨ ᠬᠤᠶᠠᠷ ᠳᠠᠬᠢᠨ ᠠᠴᠠ ᠬᠡᠲᠦᠷᠡᠭᠦᠯᠬᠦ ᠦᠭᠡᠢ᠃ | ᠬᠤᠷᠢᠨ ᠳᠣᠯᠣᠳᠤᠭᠠᠷ ᠵᠤᠷᠪᠤᠰ ᠨᠢᠭᠡ ᠲᠠᠮᠢᠷᠴᠢᠨ ᠵᠦᠪᠬᠡᠨ ᠨᠢᠭᠡ ᠲᠥᠯᠥᠭᠡᠯᠡᠭᠴᠢᠳ ᠤᠨ ᠪᠦᠯᠬᠦᠮ ᠢ ᠲᠥᠯᠥᠭᠡᠯᠡᠨ ᠳᠠᠩᠰᠠᠯᠠᠭᠤᠯᠤᠨ᠎ᠠ᠃ ᠨᠢᠭᠡ | ᠲᠠᠮᠢᠷᠴᠢᠨ ᠢ ᠬᠤᠶᠠᠷ ᠪᠤᠶᠤ ᠬᠤᠶᠠᠷ ᠠᠴᠠ ᠳᠡᠭᠡᠭᠰᠢ ᠲᠥᠯᠥᠭᠡᠯᠡᠭᠴᠢᠳ ᠤᠨ ᠪᠦᠯᠬᠦᠮ ᠳᠠᠪᠬᠤᠷᠳᠠᠭᠤᠯᠤᠨ ᠳᠠᠩᠰᠠᠯᠠᠭᠤᠯᠤᠭᠰᠠᠨ ᠪᠣᠯ ᠬᠤᠯᠪᠣᠭᠳᠠᠭᠰᠠᠨ | ᠲᠥᠯᠥᠭᠡᠯᠡᠭᠴᠢᠳ ᠤᠨ ᠪᠦᠯᠬᠦᠮ ᠨᠢ ᠡᠷᠬᠡᠪᠰᠢ ᠭᠤᠣᠯᠯᠠᠨ ᠡᠷᠬᠢᠯᠡᠬᠦ ᠪᠠᠶᠢᠭᠤᠯᠤᠯᠭ᠎ᠠ ᠳᠤ ᠲᠠᠮᠢᠷᠴᠢᠨ ᠤ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ ᠪᠤᠶᠤ | ᠰᠤᠷᠭᠠᠭᠤᠯᠢ ︵ᠤᠯᠤᠰ ᠠᠴᠠ ᠵᠥᠪᠰᠢᠶᠡᠷᠡᠭᠰᠡᠨ ᠰᠤᠷᠤᠯᠭ᠎ᠠ ᠤᠨ ᠨᠠᠮᠲᠠᠷ ᠲᠠᠢ ᠰᠤᠷᠭᠠᠨ ᠬᠥᠮᠦᠵᠢᠯ ᠤᠨ ᠪᠠᠶᠢᠭᠤᠯᠤᠮᠵᠢ︶ ᠶᠢᠨ ᠪᠦᠬᠦᠯᠢ ᠡᠳᠦᠷ ᠤᠨ ᠳᠦᠷᠢᠮᠲᠦ | ᠰᠤᠷᠭᠠᠭᠤᠯᠢ ᠶᠢᠨ ᠬᠠᠷᠢᠶᠠᠯᠠᠯ ᠤᠨ ᠭᠡᠷᠡᠴᠢ ᠵᠢᠴᠢ ᠲᠠᠮᠢᠷᠴᠢᠨ ᠤ ᠥᠪᠡᠷ ᠤᠨ ᠬᠢᠨᠢ ᠰᠠᠨᠠᠯ ᠢ ᠲᠤᠰᠢᠶᠠᠨ᠎ᠠ᠃ ᠭᠤᠣᠯᠯᠠᠨ ᠡᠷᠬᠢᠯᠡᠬᠦ ᠪᠠᠶᠢᠭᠤᠯᠤᠯᠭ᠎ᠠ ᠠᠴᠠ | ᠰᠤᠷᠭᠠᠭᠤᠯᠢ ᠶᠢᠨ ᠬᠠᠷᠢᠶᠠᠯᠠᠯ᠂ ᠡᠷᠦᠬᠡ ᠠᠮᠠ ᠶᠢᠨ ᠳᠡᠪᠲᠡᠷ᠂ ᠳᠣᠰ ᠬᠥᠮᠥᠨ ᠤ ᠰᠠᠨᠠᠯ ᠢ ᠦᠨᠳᠦᠰᠦᠯᠡᠨ ᠲᠠᠮᠢᠷᠴᠢᠨ ᠤ ᠬᠠᠷᠢᠶᠠᠯᠠᠯ ᠢ ᠲᠣᠭᠲᠠᠭᠠᠵᠤ ᠳᠠᠩᠰᠠᠯᠠᠨ᠎ᠠ᠃ | ᠬᠤᠷᠢᠨ ᠨᠠᠢᠮᠠᠳᠤᠭᠠᠷ ᠵᠤᠷᠪᠤᠰ ᠭᠤᠣᠯᠯᠠᠨ ᠡᠷᠬᠢᠯᠡᠬᠦ ᠪᠠᠶᠢᠭᠤᠯᠤᠯᠭ᠎ᠠ ᠠᠴᠠ ᠪᠡᠶ᠎ᠡ ᠶᠢᠨ ᠲᠠᠮᠢᠷ ᠤᠨ ᠴᠤᠭᠯᠠᠭᠠᠨ ᠤ ᠳᠦᠷᠢᠮ ᠢ ᠦᠨᠳᠦᠰᠦᠯᠡᠨ᠂ ᠲᠠᠮᠢᠷᠴᠢᠨ ᠤ | ᠳᠠᠩᠰᠠᠯᠠᠭᠤᠯᠤᠭᠰᠠᠨ ᠰᠤᠷᠠᠭ ᠵᠠᠩᠭᠢ ᠶᠢ ᠬᠢᠨᠠᠨ ᠰᠢᠯᠭᠠᠨ᠎ᠠ᠃ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠲᠠᠮᠢᠷᠴᠢᠨ ᠨᠡᠷ᠎ᠡ ᠮᠡᠳᠡᠭᠦᠯᠵᠦ ᠣᠷᠣᠯᠳᠣᠭᠠᠨ ᠳᠤ | ᠤᠷᠤᠯᠴᠠᠵᠦ ᠪᠣᠯᠬᠤ ᠦᠭᠡᠢ᠃ | ᠬᠤᠷᠢᠨ ᠶᠢᠰᠦᠳᠦᠭᠡᠷ ᠵᠤᠷᠪᠤᠰ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠲᠠᠮᠢᠷᠴᠢᠨ ᠢ ᠡᠯ᠎ᠡ ᠲᠥᠯᠥᠭᠡᠯᠡᠭᠴᠢᠳ ᠤᠨ ᠪᠦᠯᠬᠦᠮ ᠰᠣᠯᠢᠯᠴᠠᠵᠤ ᠪᠣᠯᠣᠨ᠎ᠠ᠃ | ᠭᠤᠴᠢᠳᠤᠭᠠᠷ ᠵᠤᠷᠪᠤᠰ ᠲᠠᠮᠢᠷᠴᠢᠨ ᠢ ᠳᠠᠩᠰᠠᠯᠠᠭᠤᠯᠬᠤ ᠪᠣᠯᠣᠨ ᠰᠣᠯᠢᠯᠴᠠᠬᠤ ᠬᠡᠯᠪᠡᠷᠢ᠂ ᠠᠯᠬᠤᠮ ᠳᠠᠷᠠᠭᠠᠯᠠᠯ ᠵᠡᠷᠭᠡ ᠪᠣᠳᠠᠲᠠᠢ ᠳᠦᠷᠢᠮ ᠢ ᠭᠤᠣᠯᠯᠠᠨ | ᠡᠷᠬᠢᠯᠡᠬᠦ ᠪᠠᠶᠢᠭᠤᠯᠤᠯᠭ᠎ᠠ ᠠᠴᠠ ᠬᠤᠭᠤᠴᠠᠭ᠎ᠠ ᠪᠣᠯᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠮᠢᠷᠴᠢᠳ ᠤᠨ ᠨᠡᠷ᠎ᠡ ᠮᠡᠳᠡᠭᠦᠯᠬᠦ ᠠᠵᠢᠯ ᠡᠬᠢᠯᠡᠬᠦ ᠠᠴᠠ ᠡᠮᠦᠨ᠎ᠡ | ᠳᠣᠰ ᠳᠤᠨᠢ ᠮᠡᠳᠡᠭᠳᠡᠨ᠎ᠡ᠃ | | |