9 ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠤᠯᠲᠠ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2024/12/15
        ᠶᠢᠰᠦᠳᠦᠭᠡᠷ ᠪᠦᠯᠦᠭ ᠪᠡᠶ᠎ᠡ ᠶᠢᠨ ᠲᠠᠮᠢᠷ ᠤᠨ ᠰᠣᠶᠣᠯ ᠤᠨ ᠠᠵᠢᠯᠯᠠᠭ᠎ᠠ        ᠭᠤᠴᠢᠨ ᠨᠢᠭᠡᠳᠦᠭᠡᠷ ᠵᠤᠷᠪᠤᠰ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ  ᠨᠢ ᠡᠬᠢᠯᠠᠯᠳᠠ ᠶᠢᠨ ᠶᠣᠰᠣᠯᠠᠯ᠂ ᠬᠠᠭᠠᠯᠲᠠ ᠶᠢᠨ ᠶᠣᠰᠣᠯᠠᠯ᠂ ᠦᠨᠳᠦᠰᠦᠲᠡᠨ ᠤ ᠶᠡᠭᠡ ᠨᠠᠶᠢᠷ ᠨᠠᠭᠠᠳᠤᠮ ᠪᠠ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃        ᠭᠤᠴᠢᠨ ᠬᠤᠶᠠᠳᠤᠭᠠᠷ ᠵᠤᠷᠪᠤᠰ ᠡᠬᠢᠯᠡᠯᠳᠡ ᠶᠢᠨ ᠶᠣᠰᠣᠯᠠᠯ᠂ ᠬᠠᠭᠠᠯᠲᠠ ᠶᠢᠨ ᠶᠣᠰᠣᠯᠠᠯ ᠤᠨ ᠬᠡᠯᠪᠡᠷᠢ ᠨᠢ ᠵᠠᠪᠠᠯ ᠦᠨᠳᠦᠰᠦᠲᠡᠨ ᠤ ᠪᠦᠯᠬᠦᠮᠳᠡᠯ ᠲᠠᠪᠰᠢᠯᠲᠠ ᠪᠣᠯᠣᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠤᠣᠯ ᠰᠡᠳᠦᠪ ᠢ ᠲᠤᠪᠤᠶᠢᠯᠭᠠᠵᠦ᠂ ᠢᠯᠡ ᠲᠣᠳᠣ ᠥᠪᠡᠷᠮᠢᠴᠡ ᠣᠨᠴᠠᠯᠢᠭ ᠲᠠᠢ᠂ ᠨᠢᠵᠢᠭᠢᠷ ᠶᠡᠭᠡ᠂ ᠠᠷᠪᠢᠯᠠᠵᠤ ᠭᠠᠮᠨᠠᠭᠰᠠᠨ ᠪᠠᠶᠢᠬᠤ ᠬᠡᠷᠡᠭᠲᠡᠢ᠃        ᠭᠤᠴᠢᠨ ᠭᠤᠷᠪᠠᠳᠤᠭᠠᠷ ᠵᠤᠷᠪᠤᠰ ᠦᠨᠳᠦᠰᠦᠲᠡᠨ ᠤ ᠶᠡᠭᠡ ᠨᠠᠶᠢᠷ ᠨᠠᠭᠠᠳᠤᠮ ᠨᠢ ᠴᠤᠭᠯᠠᠭᠠᠨ ᠢ ᠵᠣᠬᠢᠶᠠᠨ ᠪᠠᠶᠢᠭᠤᠯᠤᠭᠰᠠᠨ ᠲᠤᠬᠠᠢ ᠶᠢᠨ ᠭᠠᠵᠠᠷ ᠣᠷᠣᠨ ᠤ ᠠᠷᠠᠳ ᠲᠦᠮᠡᠨ ᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠎ᠠ᠃        ᠭᠤᠴᠢᠨ ᠳᠥᠷᠪᠡᠳᠦᠭᠡᠷ ᠵᠤᠷᠪᠤᠰ ᠭᠠᠯ ᠪᠠᠮᠪᠠᠷ ᠳᠠᠮᠵᠢᠭᠤᠯᠬᠤ ᠬᠡᠪᠴᠢᠶ᠎ᠡ᠂ ᠴᠠᠭ ᠪᠠ ᠵᠠᠮ ᠱᠤᠭᠤᠮ ᠢ ᠴᠢᠩᠭ᠎ᠠ ᠡᠵᠡᠮᠳᠡᠨ᠎ᠡ᠃ ᠭᠠᠯ ᠠᠰᠠᠭᠠᠬᠤ ᠶᠣᠰᠣᠯᠠᠯ ᠪᠠ ᠭᠠᠯ ᠪᠠᠮᠪᠠᠷ ᠳᠠᠮᠵᠢᠭᠤᠯᠬᠤ ᠶᠢ ᠳᠠᠭᠠᠭᠠᠴᠢᠯᠠᠨ ᠡᠷᠬᠢᠯᠡᠭᠰᠡᠨ ᠪᠠᠶᠢᠭᠤᠯᠤᠯᠭ᠎ᠠ ᠶᠢᠨ ᠬᠠᠷᠢᠶ᠎ᠠ ᠪᠦᠰᠡ ᠶᠢᠨ ᠬᠡᠪᠴᠢᠶᠡᠨ ᠳᠤ ᠶᠠᠪᠤᠭᠳᠠᠭᠤᠯᠤᠨ᠎ᠠ᠃ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠨᠢ ᠪᠣᠳᠠᠲᠤ ᠣᠷᠴᠢᠨ ᠪᠣᠯᠣᠨ ᠰᠦᠯᠵᠢᠶᠡᠨ ᠤ ᠤᠶᠠᠯᠳᠤᠭ᠎ᠠ ᠶᠢ ᠠᠪᠴᠠᠯᠳᠤᠭᠤᠯᠵᠤ᠂ ᠳᠠᠮᠵᠢᠭᠤᠯᠬᠤ ᠠᠵᠢᠯᠯᠠᠭ᠎ᠠ ᠶᠢ ᠳᠦᠬᠦᠮ ᠠᠪᠰᠠᠷ ᠶᠠᠪᠤᠭᠳᠠᠭᠤᠯᠤᠨ᠎ᠠ᠃ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠵᠠᠷᠴᠢᠮ  ᠢᠶᠠᠷ ᠭᠠᠯ ᠪᠠᠮᠪᠠᠷᠴᠢᠨ ᠢ ᠰᠣᠩᠭᠤᠨ ᠰᠢᠯᠭᠠᠷᠠᠭᠤᠯᠬᠤ ᠠᠵᠢᠯ ᠢ ᠥᠷᠨᠢᠭᠦᠯᠦᠨ᠎ᠡ᠃        ᠭᠤᠴᠢᠨ ᠲᠠᠪᠤᠳᠤᠭᠠᠷ ᠵᠤᠷᠪᠤᠰ ᠭᠤᠣᠯᠯᠠᠨ ᠡᠷᠬᠢᠯᠡᠬᠦ ᠪᠠᠶᠢᠭᠤᠯᠤᠯᠭ᠎ᠠ᠂ ᠳᠠᠭᠠᠭᠠᠴᠢᠯᠠᠨ ᠡᠷᠬᠢᠯᠡᠬᠦ ᠪᠠᠶᠢᠭᠤᠯᠤᠯᠭ᠎ᠠ ᠨᠢ ᠪᠡᠶ᠎ᠡ ᠶᠢᠨ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠬᠤ ᠶᠠᠪᠤᠴᠠ ᠳᠤᠮᠳᠠ ᠭᠤᠣᠯ ᠰᠡᠳᠦᠪ ᠢᠶᠠᠨ ᠲᠤᠪᠤᠶᠢᠯᠭᠠᠭᠰᠠᠨ᠂ ᠡᠯᠪᠡᠭ ᠪᠠᠶᠠᠯᠢᠭ ᠬᠡᠯᠪᠡᠷᠢ ᠪᠦᠬᠦᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠡᠶ᠎ᠡ ᠨᠠᠶᠢᠷᠠᠮᠳᠠᠭᠤ ᠪᠦᠯᠬᠦᠮᠳᠡᠯ ᠨᠢᠭᠲᠠᠷᠠᠯ ᠪᠣᠯᠣᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠣᠢ ᠪᠣᠯᠭᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ